ᠪᠦᠭᠦ ᠣᠷᠣᠨ ᠤ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 600 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2023/10/9
     ᠮᠠᠨ ᠤ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠰᠦ ᠶᠢᠨ ᠦᠢᠯᠡᠰ ᠲᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 600 ᠳ᠋ᠦᠩᠰᠢᠭᠤᠷ ᠲᠥᠭᠦᠷᠢᠭ ᠢ ᠳᠠᠪᠠᠵᠤ ᠂ 357.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠭᠰᠠᠨ ᠪᠠᠶᠢᠨ᠎ᠠ᠃  ᠳᠠᠭᠢᠨ ᠵᠢᠭᠡᠯᠡᠯᠭᠡ ᠪᠠ ᠲᠠᠭᠢᠨ ᠪᠡᠯᠡᠨ ᠵᠣᠭᠤᠰ ᠰᠣᠯᠢᠵᠤ ᠠᠪᠬᠤ ᠪᠡᠯᠡ ᠮᠥᠩᠭᠦ ᠶᠢ 370.2 ᠳ᠋ᠦᠩᠰᠢᠭᠤᠷ ᠲᠥᠭᠦᠷᠢᠭ ᠲᠠᠯᠪᠢᠵᠤ᠂ ᠨᠢᠳᠤᠨᠤᠨ ᠤ ᠠᠳᠠᠯᠢ ᠬᠤᠭᠤᠴᠠᠭᠠᠨ ᠤ  1.3 ᠳᠠᠭᠢᠨ ᠪᠣᠯᠵᠤ᠂ ᠰᠦ ᠶᠢᠨ ᠦᠢᠯᠡᠰ ᠵᠡᠷᠭᠡ ᠲᠠᠷᠢᠶᠠᠯᠠᠩ ᠲᠠᠢ ᠬᠤᠯᠪᠣᠭᠳᠠᠭᠰᠠᠨ ᠵᠢᠭᠡᠯᠡᠯᠭᠡ ᠶᠢ ᠵᠢᠯ ᠤᠨ ᠡᠬᠢᠨ ᠤ ᠬᠢ ᠠᠴᠠ 1188.6 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃      ᠠᠷᠠᠳ ᠤᠨ ᠪᠠᠩᠬᠢ ᠶᠢᠨ   ᠬᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠳᠠᠯᠢ ᠪᠤᠰᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠡᠵᠡᠩᠨᠡᠯᠲᠡ ᠶᠢᠨ ᠬᠡᠪᠴᠢᠶ᠎ᠡ᠂ ᠬᠥᠭᠵᠢᠯᠲᠡ ᠶᠢᠨ ᠬᠡᠪ ᠵᠠᠭᠪᠤᠷ᠂ ᠬᠠᠮᠢᠶᠠᠷᠤᠯᠲᠠ ᠶᠢᠨ ᠬᠢᠷᠢ ᠲᠦᠪᠰᠢᠨ᠂ ᠪᠡᠯᠡ ᠮᠥᠩᠭᠦ ᠶᠢᠨ ᠪᠠᠶᠢᠳᠠᠯ ᠵᠡᠷᠭᠡ ᠶᠢ ᠦᠨᠳᠦᠰᠦᠯᠡᠨ ᠠᠵᠤ ᠠᠬᠤᠶᠢᠯᠠᠯ ᠤᠨ ᠪᠣᠳᠠᠲᠤ ᠪᠠᠶᠢᠳᠠᠯ ᠳᠤ ᠬᠠᠨᠳᠤᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠳᠤ ᠲᠤᠰᠬᠠᠢ ᠬᠠᠷᠢᠶᠠᠯᠠᠭᠳᠠᠬᠤ ᠢᠲᠡᠭᠡᠮᠵᠢᠲᠦ ᠵᠢᠭᠡᠯᠡᠯᠭᠡ ᠶᠢᠨ ᠲᠥᠰᠥᠯ ᠪᠠ ᠦᠢᠯᠡᠳᠬᠦᠨ ᠢ ᠲᠣᠭᠲᠠᠭᠠᠨ ᠥᠭᠴᠦ᠂ ᠠᠳᠠᠯᠢ ᠪᠤᠰᠤ ᠬᠡᠷᠡᠭᠯᠡᠭᠴᠢᠳ ᠤᠨ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠳᠤ ᠴᠢᠭᠯᠡᠭᠦᠯᠦᠨ᠂ ᠬᠡᠳᠦᠨ ᠠᠷᠪᠠᠨ ᠵᠦᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠦᠢᠯᠡᠳᠬᠦᠨ ᠢ ᠰᠢᠨᠡᠴᠢᠯᠡᠵᠦ ᠭᠠᠷᠭᠠᠪᠠ᠃ ᠡᠭᠦᠨ ᠳᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ  ︽ ᠶᠢᠨ ᠨᠢᠦ ᠮᠠᠯᠵᠢᠯ ᠤᠨ ᠲᠠᠯᠠᠪᠠᠶ ᠶᠢᠨ ᠵᠢᠭᠡᠯᠡᠯᠭᠡ︾᠂ ︽ᠮᠠᠯ ᠠᠵᠤ ᠠᠬᠤᠢ ᠶᠢ ᠬᠥᠭᠵᠢᠭᠦᠯᠬᠦ ᠵᠢᠭᠡᠯᠡᠯᠭᠡ︾ ᠭᠠᠷᠭᠠᠵᠤ᠂ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ᠂ ᠰᠢᠨ᠎ᠡ ᠭᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠳᠤ ᠲᠤᠰᠬᠠᠢ ᠵᠢᠭᠡᠯᠡᠯᠭᠡ ᠭᠠᠷᠭᠠᠨ ᠥᠭᠪᠡ᠃      ᠮᠠᠨ ᠤ ᠣᠷᠣᠨ ᠤ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ᠂ ᠶᠠᠰᠤ ᠴᠢᠨᠠᠷ᠂ ᠥᠷᠢᠰᠦᠯᠳᠦᠬᠦ ᠬᠦᠴᠦᠨ ᠵᠡᠷᠭᠡ ᠤᠯᠠᠨ ᠬᠦᠷᠢᠶᠡᠨ ᠳᠤ ᠯᠤᠲᠤ ᠶᠡᠭᠡ ᠲᠠᠪᠰᠢᠯᠳᠠ ᠲᠠᠢ ᠪᠣᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠳᠤ ᠬᠤᠰᠢᠭᠤᠴᠢᠯᠠᠵᠤ ᠪᠠᠶᠢᠨ᠎ᠠ᠃  ᠢᠯᠢ᠂ ᠮᠧᠩ ᠨᠢᠦ ᠪᠠᠷ ᠲᠥᠯᠥᠭᠡᠯᠡᠭᠦᠯᠦᠭᠰᠡᠨ ᠤᠯᠤᠰ ᠤᠨ ᠲᠠᠰ ᠤᠨ ᠰᠦ ᠶᠢᠨ ᠠᠵᠤ ᠠᠬᠤᠶᠢᠯᠠᠯ ᠨᠢ ᠨᠢᠭᠡᠨᠲᠡ ᠬᠡᠪᠴᠢᠶᠡᠵᠢᠭᠰᠡᠨ᠂ ᠣᠳᠣᠬᠢᠴᠢᠯᠠᠭᠰᠠᠨ᠂ ᠪᠦᠭᠦ ᠠᠵᠤ ᠦᠢᠯᠡᠰ ᠤᠨ ᠬᠡᠯᠬᠢᠶ᠎ᠡ ᠪᠠᠷ ᠬᠥᠭᠵᠢᠭᠰᠡᠨ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠰᠦ ᠶᠢᠨ ᠠᠵᠤ ᠦᠢᠯᠡᠰ ᠤᠨ ᠰᠦᠷᠦᠭᠵᠢᠯ ᠢ ᠪᠤᠶ ᠪᠤᠯᠭᠠᠵᠤ᠂ ᠦᠢᠯᠡᠳᠬᠦᠨ ᠤ ᠥᠷᠲᠡᠭ 2000 ᠳ᠋ᠦᠩᠰᠢᠭᠤᠷ ᠲᠥᠭᠦᠷᠢᠭ ᠢ ᠳᠠᠪᠠᠪᠠ᠃ ᠣᠶᠢᠷ᠎ᠠ ᠶᠢᠨ ᠵᠢᠯ ᠳᠤ᠂ ᠮᠧᠩ ᠨᠢᠦ ᠪᠦᠯᠦᠭᠯᠡᠯ ᠤᠨ ᠪᠡᠯᠡ ᠮᠥᠩᠭᠦᠨ ᠤ ᠰᠠᠯᠠᠭ᠎ᠠ ᠮᠥᠴᠢᠷ ᠤᠨ ᠬᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ᠂ ᠡᠬᠢᠨ ᠤ ᠦᠢᠯᠡᠳᠬᠦᠨ ᠤ ᠬᠤᠷᠰᠢᠭᠰᠠᠨ ᠮᠠᠯᠵᠢᠯ ᠤᠨ ᠲᠠᠯᠠᠪᠠᠶ ᠳᠤ 380 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠠᠩᠭᠠᠵᠤ᠂ ᠵᠢᠯ ᠳᠤ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠢᠲᠡᠭᠡᠮᠵᠢ ᠶᠢᠨ ᠳᠡᠮᠵᠢᠯᠭᠡ ᠬᠠᠩᠭᠠᠬᠤ ᠶᠢᠨ ᠬᠠᠮᠲᠤ ᠤᠷᠢᠳ ᠬᠤᠵᠢᠳ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠰᠢᠩ ᠶᠧ ᠪᠠᠩᠬᠢ ᠵᠡᠷᠭᠡ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ︽ᠬᠥᠬᠡ ᠳᠠᠷᠤᠰᠢ ᠶᠢᠨ ᠬᠠᠷᠠᠭᠠᠯᠵᠠᠯᠲᠤ E ᠵᠢᠭᠡᠯᠡᠯᠭᠡ︾᠂ ︽ᠲᠤᠭ᠎ᠠ ᠪᠠᠷᠢᠮᠲᠠ ᠶᠢᠨ ᠰᠦᠯᠵᠢᠶᠡᠨ ᠤ ᠵᠢᠭᠡᠯᠡᠯᠭᠡ︾᠂︽ᠮᠠᠯ ᠠᠵᠤ ᠠᠬᠤᠢ ᠶᠢ ᠬᠥᠭᠵᠢᠭᠦᠯᠬᠦ ᠵᠢᠭᠡᠯᠡᠯᠭᠡ︾  ᠵᠡᠷᠭᠡ ᠰᠢᠷᠢᠰ ᠮᠥᠩᠭᠦᠨ ᠭᠦᠢᠯᠭᠡᠭᠡᠨ ᠤ ᠦᠢᠯᠡᠳᠬᠦᠨ ᠢ ᠭᠠᠷᠭᠠᠵᠤ᠂ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ  ᠶᠢᠨ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号