ᠰᠢ ᠶᠢᠨ ᠫᠢᠩ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠳᠡᠭᠡᠨ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠥᠷᠭᠡᠨ ᠣᠯᠠᠨ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠼᠠᠢ ᠴᠢ ᠣᠷᠣᠯᠴᠠᠪᠠ
ᠨᠡᠶᠢᠲᠡᠯᠡᠭᠰᠡᠨ ᠴᠠᠭ᠄
2023/11/1
     ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠬᠦ ᠴᠢᠬᠤᠯᠠ ᠲᠠᠢ ᠪᠠᠶᠢᠵᠤ᠂ ᠡᠮᠡᠭᠲᠡᠶᠢᠴᠦᠳ ᠤᠨ ᠦᠢᠯᠡᠳᠦᠯ ᠨᠢ ᠣᠷᠣᠯᠠᠭᠤᠯᠵᠤ ᠪᠣᠯᠣᠰᠢ ᠦᠭᠡᠢ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠥᠷᠭᠡᠨ ᠤᠯᠠᠨ ᠡᠮᠡᠭᠲᠡᠶᠢᠴᠦᠳ ᠤᠨ ᠥᠪᠡᠷ ᠢ ᠪᠠᠨ ᠭᠦᠨᠳᠦᠳᠭᠡᠵᠦ ᠢᠲᠡᠭᠡᠯ  ᠲᠠᠢ ᠪᠠᠶᠢᠬᠤ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠤᠷᠮᠠᠰᠢᠭᠤᠯᠤᠨ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
     10 ᠰᠠᠷ᠎ᠠ ᠶᠢᠨ 30 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ            ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ᠃      ᠰᠢ ᠶᠢᠨ ᠫᠢᠩ ᠶᠠᠭᠤᠨ ᠤ ᠡᠮᠦᠨ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠡᠮᠡᠭᠲᠡᠶᠢᠴᠦᠳ ᠤᠨ ᠠᠵᠢᠯ ᠳᠠᠬᠢ ᠤᠳᠤᠷᠢᠳᠤᠯᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢᠵᠢᠯ ᠤᠨ ᠰᠢᠰᠲ᠋ᠧᠮ ᠢ ᠲᠠᠰᠤᠷᠠᠯᠳᠡ ᠦᠭᠡᠢ ᠪᠦᠷᠢᠨᠰᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠮᠡᠭᠲᠡᠶᠢᠴᠦᠳ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ᠃ ᠥᠩᠭᠡᠷᠡᠭᠰᠡᠨ 5 ᠵᠢᠯ ᠳᠤ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠲᠥᠯᠥᠨ ᠳᠠᠭᠠᠭᠤᠯᠬᠤ᠂ ᠦᠢᠯᠡᠴᠢᠯᠡᠬᠦ᠂ ᠬᠠᠷᠢᠯᠴᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠵᠣᠬᠢᠶᠠᠨ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠲᠡᠮᠡᠴᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯ ᠲᠡᠶᠢᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠦᠨ ᠠᠬᠢᠭᠤᠯᠵᠤ᠂ ᠡᠷᠬᠡ ᠠᠰᠢᠭ ᠢᠶᠠᠨ ᠬᠠᠮᠠᠭᠠᠯᠠᠵᠤ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠰᠡᠳᠬᠢᠯ ᠲᠠᠯᠪᠢᠨ ᠴᠢᠩ ᠰᠡᠳᠬᠢᠯ ᠠᠴᠠ ᠪᠠᠨ ᠰᠠᠶᠢᠲᠤᠷ ᠬᠢᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠴᠢᠨᠠᠭᠰᠢᠳᠠ ᠪᠠᠳᠠᠷᠠᠭᠤᠯᠪᠠ᠃ ᠨᠠᠮ ᠤᠨ ᠲᠥᠪ ᠬᠤᠷᠢᠶ᠎ᠠ ᠠᠴᠠ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢ ᠭᠦᠢᠴᠡᠳ ᠨᠤᠲᠠᠯᠠᠵᠤ᠂ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ ᠭᠡᠵᠦ ᠢᠯᠡᠳᠬᠡᠪᠡ᠃      ᠰᠢ ᠶᠢᠨ ᠫᠢᠩ᠂ ᠡᠮᠡᠭᠲᠡᠶᠢᠴᠦᠳ ᠤᠨ ᠦᠢᠯᠡᠰ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠨᠠᠮ ᠲᠠᠢ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠬᠤ ᠬᠡᠷᠡᠭᠲᠡᠢ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ ᠮᠠᠨ ᠤ ᠤᠯᠤᠰ ᠤᠨ ᠡᠮᠡᠭᠲᠡᠶᠢᠴᠦᠳ ᠤᠨ ᠦᠢᠯᠡᠰ ᠤᠨ ᠤᠯᠤᠰ ᠲᠦᠷᠦ ᠶᠢᠨ ᠰᠢᠨᠵᠢ ᠴᠢᠨᠠᠷ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠡᠮᠡᠭᠲᠡᠶᠢᠴᠦᠳ ᠲᠠᠬᠢ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠥᠷᠭᠡᠨ ᠤᠯᠠᠨ ᠡᠮᠡᠭᠲᠡᠶᠢᠴᠦᠳ ᠤᠨ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠠᠵᠢᠯ ᠤᠨ ᠬᠦᠴᠦᠯᠡᠴᠡ ᠪᠠᠨ ᠣᠨᠣᠪᠴᠢᠲᠠᠢ ᠣᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠪᠣᠳᠠᠲᠠᠢ ᠡᠭᠦᠷᠭᠡ ᠪᠣᠯᠭᠠᠨ ᠬᠤᠪᠢᠷᠠᠭᠤᠯᠬᠤ ᠬᠡᠷᠡᠭᠲᠡᠢ᠃ ᠥᠷᠭᠡᠨ ᠣᠯᠠᠨ ᠡᠮᠡᠭᠲᠡᠶᠢᠴᠦᠳ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠳᠤᠮᠳᠠ ᠲᠣᠰ ᠪᠡᠶ᠎ᠡ ᠶᠢᠨ ᠳᠠᠪᠠᠭᠤᠯᠢᠭ ᠪᠠ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠭᠡᠷ ᠪᠦᠯᠢ ᠡᠶ᠎ᠡ ᠨᠠᠶᠢᠷᠲᠠᠢ᠂ ᠭᠡᠷ ᠤᠨ ᠬᠥᠮᠦᠵᠢᠯ ᠰᠠᠶᠢᠨ᠂ ᠭᠡᠷ ᠤᠨ ᠰᠤᠷᠲᠠᠯ ᠲᠥᠪ ᠪᠣᠯ ᠦᠷ᠎ᠡ ᠬᠡᠦᠬᠡᠳ ᠨᠢ ᠰᠠᠶ᠋ᠢ ᠡᠷᠡᠭᠦᠯ ᠢᠶᠠᠷ ᠦᠰᠦᠨ ᠪᠤᠶᠢᠵᠢᠵᠤ᠂ ᠨᠡᠶᠢᠭᠡᠮ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠨᠢ ᠡᠮᠡᠭᠲᠡᠶᠢᠴᠦᠳ ᠤᠨ ᠲᠣᠰ ᠪᠡᠶ᠎ᠡ ᠶᠢᠨ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠪᠠᠰᠠ ᠭᠡᠷ ᠪᠦᠯᠢ ᠶᠢᠨ ᠡᠶ᠎ᠡ ᠵᠣᠬᠢᠴᠠᠯ᠂ ᠨᠡᠶᠢᠭᠡᠮ ᠤᠨ ᠡᠶ᠎ᠡ ᠵᠣᠬᠢᠴᠠᠯ ᠲᠠᠢ ᠬᠤᠯᠪᠣᠭᠳᠠᠵᠤ᠂ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠲᠠᠪᠰᠢᠯᠳᠠ ᠲᠠᠢ ᠬᠤᠯᠪᠣᠭᠳᠠᠵᠤ ᠪᠠᠶᠢᠳᠠᠭ᠃ ᠭᠡᠷ ᠤᠨ ᠰᠤᠷᠲᠠᠯ ᠤᠨ ᠦᠯᠢᠭᠡᠷ ᠢ ᠰᠠᠶᠢᠲᠤᠷ ᠶᠠᠷᠢᠵᠤ᠂ ᠥᠷᠭᠡᠨ ᠤᠯᠠᠨ ᠡᠮᠡᠭᠲᠡᠶᠢᠴᠦᠳ ᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠤᠯᠭᠠᠬᠤ ᠲᠠᠯ᠎ᠠ ᠪᠠᠷ ᠬᠢ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ᠂ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠰᠢᠨ᠎ᠡ ᠭᠡᠯᠪᠡᠷᠢ ᠶᠢᠨ ᠣᠷᠤᠭ ᠦᠷᠡᠵᠢᠯ ᠤᠨ ᠰᠣᠶᠣᠯ ᠢ ᠢᠳᠡᠪᠬᠢᠲᠡᠢ ᠪᠤᠶᠢᠵᠢᠭᠤᠯᠵᠤ᠂ ᠵᠠᠯᠠᠭᠤᠴᠤᠳ ᠤᠨ ᠢᠨᠠᠭ ᠣᠷᠤᠭ ᠤᠨ ᠦᠵᠡᠯᠲᠡ᠂ ᠦᠷᠡᠵᠢᠯ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠮᠥᠨ ᠠᠮᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠥᠨ ᠠᠮᠠ ᠶᠢᠨ  ᠨᠠᠰᠤᠵᠢᠯ ᠢ ᠢᠳᠡᠪᠬᠢᠲᠡᠢ ᠠᠷᠭᠠᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠬᠡᠦᠬᠡᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠣᠨ᠎ᠠ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠨᠥᠯᠥᠭᠡᠯᠡᠬᠦ ᠪᠠ ᠬᠤᠬᠢᠷᠠᠭᠤᠯᠬᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠣᠷᠣᠯᠭ᠎ᠠ ᠪᠠᠭᠠᠲᠠᠢ ᠡᠮᠡᠭᠲᠡᠶᠢᠴᠦᠳ᠂ ᠨᠠᠰᠤ ᠠᠬᠢᠭᠰᠠᠨ ᠡᠮᠡᠭᠲᠡᠶᠢᠴᠦᠳ᠂ ᠵᠡᠮᠳᠡᠭ ᠡᠮᠡᠭᠲᠡᠶᠢᠴᠦᠳ ᠵᠡᠷᠭᠡ ᠬᠦᠴᠢᠷᠳᠡᠯᠲᠡᠢ ᠡᠮᠡᠭᠲᠡᠶᠢᠴᠦᠳ ᠢ ᠬᠠᠯᠠᠮᠵᠢᠯᠠᠨ ᠲᠡᠳᠬᠦᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠭᠦᠳᠡᠯ ᠬᠥᠮᠥᠨ ᠠᠮᠠ ᠶᠢᠨ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠡᠩ ᠤᠨ ᠦᠶ᠎ᠡ ᠳᠤ ᠬᠢᠵᠦ᠂ ᠦᠷᠭᠦᠯᠵᠢ ᠠᠳᠬᠤᠵᠤ᠂ ᠦᠨᠳᠦᠰᠦᠨ ᠱᠠᠲᠤᠨ ᠳᠤ ᠭᠦᠷᠳᠡᠯ᠎ᠡ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠮᠡᠭᠲᠡᠶᠢᠴᠦᠳ ᠤᠨ ᠬᠤᠯᠪᠤᠭ᠎ᠠ ᠪᠣᠯ ᠨᠠᠮ ᠪᠣᠯᠣᠨ ᠵᠠᠰᠠᠭ ᠤᠨ ᠣᠷᠳᠣᠨ ᠤ ᠡᠮᠡᠭᠲᠡᠶᠢᠴᠦᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠃ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠲᠤᠯᠠᠨ ᠴᠢᠩᠭᠠᠳᠬᠠᠬᠤ ᠶᠢᠨ ᠲᠣᠭᠤᠷᠢᠨ ᠳᠤ᠂ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠰᠠᠭᠤᠷᠢ ᠲᠠᠯᠪᠢᠬᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠦᠰᠡᠵᠦ ᠰᠠᠨᠠᠵᠤ ᠪᠠᠶᠢᠭ᠎ᠠ ᠪᠠ ᠡᠮᠡᠭᠲᠡᠶᠢᠴᠦᠳ ᠤᠨ ᠠᠵᠢᠯ ᠤᠨ ᠪᠠᠴᠢᠮ ᠱᠠᠭᠠᠷᠳᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠡᠬᠢ ᠪᠠᠶᠠᠯᠢᠭ ᠪᠠ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠨᠡᠩ ᠢᠯᠡᠭᠦᠦ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠢ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠵᠡᠷᠭᠡ ᠰᠢᠨ᠎ᠡ ᠬᠦᠷᠢᠶᠡᠨ ᠳᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠭᠦᠨ ᠢ ᠪᠦᠷᠬᠦᠭᠦᠯᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠲᠦᠷᠦ ᠪᠠᠷᠢᠬᠤ ᠡᠮᠡᠭᠲᠡᠶᠢᠴᠦᠳ ᠤᠨ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠮᠡᠭᠲᠡᠶᠢᠴᠦᠳ ᠤᠨ ᠬᠤᠯᠪᠤᠭ᠎ᠠ ᠶᠢᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠷᠭᠡᠨ ᠤᠯᠠᠨ ᠡᠮᠡᠭᠲᠡᠢ ᠤᠯᠠᠨ ᠲᠦᠮᠡᠨ ᠳᠤ ᠦᠢᠯᠡᠴᠢᠯᠡᠬᠦ᠂ ᠡᠮᠡᠭᠲᠡᠶᠢᠴᠦᠳ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠡᠮᠡᠭᠲᠡᠶᠢᠴᠦᠳ ᠤᠨ ᠠᠵᠢᠯ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠭᠤᠰᠢᠯᠠᠭᠤᠯᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢᠶᠠᠨ ᠵᠣᠬᠢᠶᠠᠨ ᠪᠠᠶᠢᠭᠤᠯᠤᠨ ᠥᠷᠨᠢᠭᠦᠯᠬᠦ ᠳᠤ ᠳᠡᠮᠵᠢᠯᠭᠡ ᠬᠠᠩᠭᠠᠵᠤ᠂ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯᠯᠠᠬᠤ ᠬᠤᠷᠢᠶ᠎ᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠵᠢᠯᠣᠭᠤᠳᠤᠨ ᠱᠠᠯᠠᠪᠳᠠᠭᠤᠯᠬᠤ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠱᠧᠨ ᠢ ᠴᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠲᠥᠯᠥᠭᠡᠯᠡᠨ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ ᠢᠶᠠᠨ ᠬᠠᠷᠢᠭᠤ ᠮᠡᠳᠡᠭᠦᠯᠪᠡ᠃ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠳᠡᠳ᠋  ᠲᠡᠷᠢᠭᠦᠯᠡᠭᠴᠢ ᠬᠤᠸᠠᠩ ᠰᠢᠶᠣᠣ ᠸᠧᠢ᠂ ᠮᠧᠩ ᠮᠠᠨ᠂ ᠸᠠᠩ ᠶᠠ ᠫᠢᠩ ᠦᠭᠡ ᠬᠡᠯᠡᠪᠡ᠃      ᠱᠢ ᠲᠠᠢ ᠹᠧᠩ᠂ ᠯᠢ ᠭᠠᠨ ᠵᠢᠶᠧ᠂ ᠯᠢ ᠱᠥ ᠯᠧᠢ᠂ ᠴᠧᠨ ᠸᠧᠨ ᠴᠢᠩ᠂ ᠯᠢᠦ ᠶᠢᠨ ᠭᠦᠸᠧ ᠶᠠᠷᠢᠯᠴᠠᠯᠭ᠎ᠠ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号