ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ᠯᠢ ᠴᠢᠶᠠᠩ ᠴᠢᠬᠤᠯᠠ ᠶᠠᠷᠢᠶ᠎ᠠ ᠲᠠᠯᠪᠢᠪᠠ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠣᠷᠣᠯᠴᠠᠪᠠ
ᠨᠡᠶᠢᠲᠡᠯᠡᠭᠰᠡᠨ ᠴᠠᠭ᠄
2023/11/1
     ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 31 ᠤ ᠴᠠᠭᠢᠯᠭᠠᠨ ᠮᠡᠳᠡᠭᠡ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ 10 ᠰᠠᠷ᠎ᠠ ᠶᠢᠨ 30 ᠠᠴᠠ 31 ᠤ ᠡᠳᠦᠷ ᠪᠤᠯᠲᠠᠯ᠎ᠠ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠪᠠ᠃
     ᠰᠢ ᠶᠢᠨ ᠫᠢᠩ ᠴᠢᠬᠤᠯᠠ ᠶᠠᠷᠢᠶᠠᠨ ᠳᠠᠭᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠥᠩᠭᠦᠨ ᠭᠦᠢᠯᠭᠡᠭᠡᠨ ᠤ ᠠᠵᠢᠯ ᠢ ᠳ᠋ᠦᠩᠨᠡᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠮᠥᠩᠭᠦᠨ ᠭᠦᠢᠯᠭᠡᠭᠡᠨ ᠤ ᠠᠵᠢᠯ ᠢ ᠪᠠᠶᠢᠷᠢᠯᠠᠭᠤᠯᠪᠠ᠃ ᠯᠢ ᠴᠢᠶᠠᠩ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠮᠥᠩᠭᠦᠨ ᠭᠦᠢᠯᠭᠡᠭᠡ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠂ ᠤᠯᠤᠰ ᠤᠨ ᠭᠤᠣᠯᠯᠠᠬᠤ ᠥᠷᠢᠰᠦᠯᠳᠦᠬᠦ ᠬᠦᠴᠦᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠮᠥᠩᠭᠦᠨ ᠭᠦᠢᠯᠭᠡᠭᠡᠨ ᠤ ᠰᠢᠰᠲ᠋ᠧᠮ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠬᠦᠴᠦᠲᠡᠢ ᠲᠤᠯᠭᠠᠭᠤᠷᠢᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠨᠠᠮ ᠤᠨ ᠲᠥᠪ ᠬᠤᠷᠢᠶ᠎ᠠ ᠮᠠᠷᠺᠰ ᠤᠨ ᠦᠵᠡᠯ ᠤᠨ ᠮᠥᠩᠭᠦᠨ ᠭᠦᠢᠯᠭᠡᠭᠡᠨ ᠤ ᠤᠨᠤᠯ ᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠴᠢᠷᠮᠠᠶᠢᠨ ᠡᠵᠡᠮᠳᠡᠵᠦ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠦᠢᠯᠡᠳᠦᠯᠭᠡ ᠶᠢᠨ ᠰᠢᠨ᠎ᠡ ᠡᠭᠦᠳᠦᠯᠲᠡ᠂ ᠤᠨᠤᠯ ᠤᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢ ᠴᠢᠷᠮᠠᠶᠢᠨ ᠨᠡᠭᠡᠭᠡᠵᠦ᠂ ᠡᠷᠬᠡᠪᠰᠢ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠥᠷᠲᠡᠭ ᠤᠨ ᠬᠠᠨᠳᠤᠰᠢ ᠶᠢ ᠪᠠᠷᠢᠮᠲᠠᠯᠠᠵᠤ᠂ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠦᠨᠳᠦᠰᠦᠨ ᠵᠣᠷᠢᠯᠲᠠ ᠪᠤᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠮᠥᠩᠭᠦᠨ ᠭᠦᠢᠯᠭᠡᠭᠡᠨ ᠤ ᠠᠵᠢᠯ ᠤᠨ ᠥᠨᠢᠳᠡ ᠶᠢᠨ ᠭᠤᠣᠯ ᠰᠡᠳᠦᠪ ᠪᠤᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠵᠠᠮ ᠢᠶᠠᠷ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠳᠡᠭᠡᠷ ᠦᠢᠯᠡᠳᠦᠯᠭᠡ ᠶᠢᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠭᠢᠯᠪᠡᠷ ᠪᠤᠰᠤ ᠪᠠᠷ ᠢᠷᠡᠵᠡᠢ᠃ ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠬᠠᠷᠢᠯᠴᠠᠨ ᠰᠣᠯᠪᠢᠴᠠᠵᠤ᠂ ᠬᠠᠷᠢᠯᠴᠠᠨ ᠨᠥᠯᠥᠭᠡᠯᠡᠵᠦ᠂ ᠵᠠᠷᠢᠮ ᠨᠢ ᠪᠠᠰᠠ ᠮᠠᠰᠢ ᠲᠣᠪᠤᠶᠢᠮ᠎ᠠ ᠪᠠᠶᠢᠵᠤ᠂ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠠᠯᠳᠠ ᠭᠡᠮ ᠮᠥᠨ ᠯᠡ ᠨᠡᠯᠢᠶᠡᠳ ᠤᠯᠠᠨ ᠪᠠᠶᠢᠵᠤ᠂ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ ᠠᠰᠢᠭ ᠥᠨᠳᠥᠷ ᠪᠢᠰᠢ᠂ ᠮᠥᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠪᠠ ᠢᠯᠵᠠᠷᠠᠯ ᠤᠨ ᠠᠰᠠᠭᠤᠳᠠᠯ ᠣᠯᠠᠨᠲᠠ ᠬᠤᠷᠢᠭᠯᠠᠭᠰᠠᠨ ᠴᠤ ᠵᠣᠭᠰᠣᠰᠢ ᠦᠭᠡᠢ ᠪᠠᠶᠢᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠴᠢᠳᠠᠪᠤᠷᠢ ᠪᠠᠭᠤᠷᠠᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠳᠡᠭᠡᠷ ᠠᠰᠠᠭᠤᠳᠠᠯ ᠢ ᠵᠣᠷᠢᠭ ᠰᠢᠭᠤᠳᠤᠨ ᠦᠨᠳᠦᠰᠦᠨ ᠠᠴᠠ ᠨᠢ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥᠴᠢ ᠴᠢᠨᠠᠷ᠂ ᠠᠷᠠᠳᠴᠢ ᠴᠢᠨᠠᠷ ᠢ ᠭᠦᠨᠵᠡᠭᠡᠢ ᠡᠵᠡᠮᠳᠡᠵᠦ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ᠂ ᠮᠥᠩᠭᠦᠨ ᠭᠦᠢᠯᠭᠡᠭᠡᠨ ᠤ ᠡᠩᠨᠡᠭᠡᠨ ᠤ ᠴᠡᠪᠡᠷ ᠴᠢᠨᠠᠷ᠂ ᠲᠤᠰᠬᠠᠢ ᠮᠡᠷᠭᠡᠵᠢᠯ ᠤᠨ ᠴᠢᠨᠠᠷ᠂ ᠳᠠᠶᠢᠴᠢᠨ ᠬᠦᠴᠦᠨ ᠢᠶᠠᠷ ᠴᠢᠬᠤᠯᠠ ᠲᠤᠯᠭᠠᠭᠤᠷᠢᠯᠠᠯ ᠪᠤᠯᠭᠠᠵᠤ᠂ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠭᠤᠣᠯᠳᠠᠯᠭ᠎ᠠ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠮᠥᠩᠭᠦᠨ ᠭᠦᠢᠯᠭᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠮᠥᠩᠭᠦᠨ ᠭᠦᠢᠯᠭᠡᠭᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠬᠡᠷᠡᠭᠲᠡᠢ᠃ ᠵᠣᠭᠤᠰᠤᠨ ᠤ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠠᠬᠢ ᠰᠢᠯᠢᠳᠡᠭ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠢ ᠢᠮᠠᠭᠲᠠ ᠪᠠᠲᠤᠯᠠᠵᠤ᠂ ᠦᠶᠡᠯᠡᠬᠦ ᠬᠤᠭᠤᠴᠠᠭ᠎ᠠ ᠪᠠ ᠦᠶᠡᠯᠡᠯ ᠥᠭᠰᠥᠬᠦ ᠬᠤᠭᠤᠴᠠᠭ᠎ᠠ ᠶᠢᠨ ᠲᠣᠬᠢᠷᠠᠭᠤᠯᠤᠯᠲᠠ ᠶᠢ ᠰᠠᠶᠢᠲᠤᠷ ᠬᠢᠬᠦ ᠶᠢ ᠨᠡᠩ ᠴᠢᠬᠤᠯᠠᠴᠢᠯᠠᠵᠤ᠂ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠲᠡᠭᠦᠯᠳᠡᠷᠵᠢᠭᠦᠯᠬᠦ ᠬᠡᠷᠡᠭᠲᠡᠢ᠃ ᠪᠡᠯᠡ ᠮᠥᠩᠭᠦ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠨᠡᠩ ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠬᠡᠷᠡᠭᠯᠡᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠶᠡᠭᠡ ᠪᠠᠷ ᠲᠡᠮᠵᠢᠵᠦ᠂ ᠤᠯᠤᠰ ᠤᠨ ᠠᠮᠤ ᠪᠤᠳᠠᠭ᠎ᠠ ᠪᠠ ᠡᠨᠧᠷᠭᠢ ᠶᠢᠨ ᠠᠮᠤᠷ ᠲᠦᠪᠰᠢᠨ ᠵᠡᠷᠭᠡ ᠶᠢ ᠦᠨᠡᠨ ᠬᠦ ᠪᠠᠲᠤᠯᠠᠬᠤ ᠬᠡᠷᠡᠭᠲᠡᠢ᠃ ᠦᠷ᠎ᠡ ᠠᠰᠢᠭ ᠪᠠᠭᠠᠲᠠᠢ ᠡᠵᠡᠯᠡᠭᠳᠡᠭᠡᠳ ᠪᠠᠶᠢᠭ᠎ᠠ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠠᠮᠢᠳᠤᠯᠢᠭᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠶᠡᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠵᠠᠬ᠎ᠠ ᠳᠡᠯᠭᠡᠭᠦᠷ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠪᠡᠯᠡ ᠮᠥᠩᠭᠦ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠣᠷᠣᠬᠤ ᠠᠷᠭ᠎ᠠ ᠵᠠᠮ ᠢ ᠨᠡᠪᠲᠡᠷᠡᠭᠦᠯᠬᠦ ᠬᠡᠷᠡᠭᠲᠡᠢ᠃ ᠪᠡᠯᠡ ᠮᠥᠩᠭᠦ ᠴᠤᠭᠯᠠᠭᠤᠯᠬᠤ ᠪᠦᠲᠦᠴᠡ ᠶᠢ ᠰᠢᠯᠢᠳᠡᠭᠵᠢᠭᠦᠯᠦᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠩᠭᠢᠯᠠᠭ᠎ᠠ ᠶᠢᠨ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠵᠤ᠂ ᠰᠲ᠋ᠣᠺ ᠲᠠᠷᠬᠠᠭᠠᠬᠤ ᠶᠢᠨ ᠳᠠᠩᠰᠠᠯᠠᠭᠤᠯᠬᠤ ᠳᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠂ ᠣᠯᠠᠨ ᠡᠰᠢᠵᠢᠭᠰᠡᠨ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠭ᠎ᠠ ᠶᠢ ᠬᠥᠭᠵᠢᠭᠦᠯᠵᠦ᠂ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠂ ᠲᠡᠷᠢᠭᠦᠨ ᠤ ᠪᠡᠯᠡ ᠣᠷᠣᠭᠤᠯᠤᠯᠲᠠ ᠶᠢᠨ ᠪᠠᠩᠬᠢ ᠪᠠ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠪᠤᠶᠢᠵᠢᠭᠤᠯᠬᠤ ᠬᠡᠷᠡᠭᠲᠡᠢ᠃ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢᠨ ᠪᠠᠶᠢᠷᠢ ᠲᠣᠭᠲᠠᠭᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠲᠣᠮᠣ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠭᠤᠣᠯ ᠬᠦᠴᠦᠨ ᠴᠡᠷᠢᠭ ᠪᠤᠯᠬᠤ ᠪᠠ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠲᠣᠭᠲᠠᠪᠤᠷᠢᠵᠢᠭᠤᠯᠤᠭᠴᠢ ᠪᠤᠯᠬᠤ ᠶᠢ ᠲᠡᠮᠵᠢᠵᠤ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠪᠠ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠳᠠᠯᠠᠵᠤ᠂ ᠲᠤᠬᠠᠢ ᠶᠢᠨ ᠭᠠᠵᠠᠷ ᠲᠠᠭᠠᠨ ᠰᠠᠭᠤᠷᠢᠯᠠᠨ ᠣᠨᠴᠠᠯᠢᠭᠲᠤ ᠡᠵᠡᠩᠨᠡᠯᠲᠡ ᠶᠢ ᠥᠷᠨᠢᠭᠦᠯᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠴᠢᠩᠭᠠᠳᠬᠠᠵᠤ᠂ ᠳᠠᠭᠠᠳᠬᠠᠯ ᠤᠨ ᠦᠢᠯᠡᠰ ᠤᠨ ᠠᠵᠤ ᠠᠬᠤᠢ ᠪᠠ ᠨᠡᠶᠢᠭᠡᠮ ᠤᠨ ᠲᠣᠭᠲᠠᠪᠤᠷᠢᠵᠢᠭᠤᠯᠤᠭᠴᠢ ᠶᠢᠨ ᠴᠢᠳᠠᠮᠵᠢ ᠶᠢ ᠪᠠᠳᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠳᠦᠷᠢᠮ ᠢ ᠴᠢᠩᠳᠠᠯᠠᠵᠤ᠂ ᠳᠦᠷᠢᠮ ᠨᠢᠭᠡᠳᠦᠯᠲᠡᠢ᠂ ᠬᠢᠨᠠᠯᠲᠠ ᠬᠠᠮᠢᠶᠠᠷᠤᠯᠲᠠ ᠬᠠᠮᠵᠢᠯᠴᠠᠭᠰᠠᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ᠂ ᠤᠷᠲᠤ ᠬᠤᠭᠤᠴᠠᠭᠠᠨ ᠤ ᠬᠥᠷᠥᠩᠭᠡ ᠶᠢᠨ ᠪᠦᠷᠢᠯᠳᠦᠯ ᠢ ᠠᠬᠢᠭᠤᠯᠬᠤ ᠬᠡᠷᠡᠭᠲᠡᠢ᠃ ᠬᠠᠤᠯᠢ ᠶᠢᠨ ᠡᠷᠬᠡᠲᠡᠨ ᠤ ᠵᠠᠰᠠᠯᠲᠠ ᠶᠢ ᠪᠦᠷᠢᠨᠰᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠠᠩᠬᠢ ᠶᠢᠨ ᠬᠥᠷᠥᠩᠭᠡ ᠮᠥᠩᠭᠦ ᠶᠢ ᠨᠥᠬᠦᠪᠦᠷᠢᠯᠡᠬᠦ ᠠᠷᠭ᠎ᠠ ᠵᠠᠮ ᠢ ᠥᠷᠭᠡᠳᠬᠡᠨ᠂ ᠠᠵᠤ ᠦᠢᠯᠡᠰ ᠪᠠ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠤᠰᠠᠭᠠᠷᠯᠠᠬᠤ ᠶᠢ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠮᠥᠩᠭᠦᠨ ᠭᠦᠢᠯᠭᠡᠭᠡ ᠪᠠ ᠠᠵᠤ ᠠᠬᠤᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ︽ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠭᠠᠬᠤ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠂ ᠬᠢᠯᠢ ᠠᠯᠤᠰᠯᠠᠨ ᠪᠡᠯᠡ ᠣᠷᠣᠭᠤᠯᠬᠤ ᠪᠡᠯᠡ ᠮᠥᠩᠭᠦ ᠴᠤᠭᠯᠠᠭᠤᠯᠬᠤ ᠳᠥᠭᠦᠮᠴᠢᠯᠡᠯᠲᠡ ᠶᠢ ᠳᠡᠭᠡᠭᠰᠢᠯᠡᠭᠦᠯᠵᠦ᠂ ᠨᠡᠩ ᠣᠯᠠᠨ ᠭᠠᠳᠠᠭᠠᠳᠤ ᠪᠡᠯᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠤᠷᠲᠤ ᠬᠤᠭᠤᠴᠠᠭᠠᠨ ᠤ ᠬᠥᠷᠥᠩᠭᠡ ᠶᠢ ᠲᠠᠲᠠᠵᠤ ᠳᠤᠮᠳᠠᠳᠤ ᠤᠯᠤᠰ ᠲᠤ ᠢᠷᠡᠭᠦᠯᠦᠨ ᠠᠵᠢᠯ ᠦᠢᠯᠡᠰ ᠢᠶᠠᠨ ᠬᠥᠭᠵᠢᠭᠦᠯᠬᠦ ᠬᠡᠷᠡᠭᠲᠡᠢ᠃ ᠱᠠᠩᠬᠠᠢ ᠶᠢᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠤᠨ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠳᠬᠠᠵᠤ᠂ ᠰᠢᠶᠠᠩᠭᠠᠩ ᠤᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠤᠨ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠤᠢ ᠪᠦᠬᠦᠢ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠠᠵᠢᠯᠯᠠᠭᠠᠨ ᠤ ᠬᠢᠨᠠᠯᠲᠠ ᠬᠠᠮᠢᠶᠠᠷᠤᠯᠲᠠ᠂ ᠴᠢᠳᠠᠮᠵᠢ ᠶᠢᠨ ᠬᠢᠨᠠᠯᠲᠠ ᠬᠠᠮᠢᠶᠠᠷᠤᠯᠲᠠ᠂ ᠲᠤᠭᠤᠰᠢᠲᠠᠢ ᠬᠢᠨᠠᠨ ᠬᠠᠮᠢᠶᠠᠷᠤᠯᠲᠠ᠂ ᠳᠠᠭᠠᠭᠠᠮᠠᠭᠠᠢ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠥᠯᠥ ᠪᠠᠶᠢᠬᠤ ᠪᠠ ᠪᠠᠯᠠᠢ ᠣᠷᠣᠨ ᠢ ᠠᠷᠢᠯᠭᠠᠨ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠵᠣᠷᠢᠭᠲᠠᠢ ᠪᠠᠷ ᠬᠤᠷᠴᠠ ᠰᠡᠯᠡᠮ᠎ᠡ ᠭᠠᠷᠭᠠᠨ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠥᠪ ᠤᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃ ᠮᠥᠩᠭᠦᠨ ᠭᠦᠢᠯᠭᠡᠭᠡ ᠬᠢᠭᠡᠳ ᠭᠡᠷ ᠭᠠᠵᠠᠷ ᠤᠨ ᠬᠥᠷᠥᠩᠭᠡ ᠶᠢᠨ ᠰᠠᠶᠢᠨ ᠣᠷᠴᠢᠯ ᠢ ᠠᠬᠢᠭᠤᠯᠵᠤ᠂ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠦᠷᠢᠨᠰᠢᠭᠦᠯᠵᠦ᠂ ᠭᠡᠷ ᠭᠠᠵᠠᠷ ᠤᠨ ᠬᠥᠷᠥᠩᠭᠡ ᠶᠢᠨ ᠮᠥᠩᠭᠦᠨ ᠭᠦᠢᠯᠭᠡᠭᠡᠨ ᠤ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠠᠳᠠᠯᠢ ᠪᠤᠰᠤ ᠥᠮᠴᠢᠯᠡᠯ ᠤᠨ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠬᠤ ᠬᠡᠷᠡᠭᠴᠡᠭᠡ ᠶᠢ ᠨᠢᠭᠡ ᠯᠡ ᠠᠳᠠᠯᠢ ᠪᠠᠷ ᠬᠠᠩᠭᠠᠵᠤ᠂ ᠬᠤᠳᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠰᠠᠶᠢᠲᠤᠷ ᠬᠡᠷᠡᠭᠯᠡᠨ᠂ ᠬᠠᠳᠠᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ ᠲᠡᠮᠵᠢᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ︽ᠭᠤᠷᠪᠠᠨ ᠶᠡᠭᠡ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠬᠠᠮᠠᠭᠠᠯᠠᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠠᠷᠬᠠᠭᠠᠬᠤ ᠪᠠ ᠠᠷᠠᠯᠵᠢᠶᠠᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠵᠢᠱᠢᠯᠲᠡ ᠶᠢ ᠵᠦᠢ ᠵᠣᠬᠢᠰᠲᠠᠢ ᠪᠠᠷ ᠬᠥᠲᠥᠯᠥᠨ ᠵᠢᠯᠤᠭᠤᠳᠴᠤ᠂ ᠠᠶᠤᠯ ᠲᠦᠭᠰᠢᠭᠦᠷᠢ ᠶᠢᠨ ᠣᠷᠣᠨ ᠪᠦᠰᠡ ᠠᠯᠤᠰᠯᠠᠨ᠂ ᠵᠠᠬ᠎ᠠ ᠳᠡᠯᠭᠡᠭᠦᠷ ᠠᠯᠤᠰᠯᠠᠨ᠂ ᠬᠢᠯᠢ ᠠᠯᠤᠰᠯᠠᠨ ᠳᠠᠮᠵᠢᠭᠤᠯᠤᠨ ᠶᠠᠪᠤᠭᠳᠠᠭᠤᠯᠬᠤ ᠶᠢ ᠰᠡᠷᠭᠡᠶᠢᠯᠡᠬᠦ ᠬᠡᠷᠡᠭᠲᠡᠢ᠃ ᠭᠠᠳᠠᠭᠠᠳᠤ ᠭᠤᠪᠢᠭᠤᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ᠂ ᠡᠷᠬᠡ ᠪᠠ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠤᠷᠮᠠᠰᠢᠭᠤᠯᠵᠤ ᠬᠢᠵᠠᠭᠠᠷᠯᠠᠬᠤ ᠬᠠᠷᠢᠯᠴᠠᠨ ᠵᠣᠬᠢᠴᠠᠭᠰᠠᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠬᠦ ᠭᠡᠷᠡᠭᠲᠡᠢ︔ ᠲᠦᠷᠭᠡᠨ ᠪᠠ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠤᠷᠢᠲᠠᠯ ᠳᠣᠣᠷ᠎ᠠ ᠲᠣᠬᠢᠷᠠᠮᠵᠢᠲᠠᠢ ᠴᠠᠭ ᠲᠣᠬᠢᠷᠠᠮᠵᠢᠲᠠᠢ ᠬᠡᠮᠵᠢᠶ᠎ᠡ ᠳᠤ ᠦᠷ᠎ᠡ ᠪᠦᠲᠦᠮᠵᠢ ᠭᠠᠷᠭᠠᠵᠤ᠂ ᠠᠶᠤᠯ ᠲᠦᠭᠰᠢᠭᠦᠷᠢ ᠶᠢ ᠯᠠᠪᠳᠠᠭᠤᠨ ᠪᠠᠲᠤᠲᠠᠢ ᠪᠥᠭᠡᠳ ᠲᠣᠬᠢᠲᠠᠢ ᠨᠠᠮᠳᠠᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠢᠯᠵᠠᠷᠠᠯ ᠤᠨ ᠦᠢᠯᠡ ᠠᠵᠢᠯᠯᠠᠭ᠎ᠠ ᠶᠢ ᠡᠷᠡᠰ ᠵᠠᠯᠬᠠᠭᠠᠨ ᠰᠢᠢᠳᠬᠡᠵᠦ᠂ ᠶᠣᠰᠣ ᠮᠣᠷᠠᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠭᠡᠷᠡᠭᠲᠡᠢ︔ ᠠᠶᠤᠯ ᠲᠦᠭᠰᠢᠭᠦᠷᠢ ᠶᠢ ᠡᠷᠲᠡ ᠢᠯᠭᠠᠨ ᠲᠠᠨᠢᠵᠤ᠂ ᠡᠷᠲᠡ ᠤᠷᠢᠳᠴᠢᠯᠠᠨ ᠰᠡᠷᠡᠮᠵᠢᠯᠡᠭᠦᠯᠵᠦ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠬᠠᠲᠠᠭᠤ ᠬᠢᠵᠠᠭᠠᠷᠯᠠᠯ ᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠲᠡ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠣᠯ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠃ ᠨᠠᠮ ᠠᠴᠠ ᠮᠥᠩᠭᠦᠨ ᠭᠦᠢᠯᠭᠡᠭᠡᠨ ᠤ ᠠᠵᠢᠯ ᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠲᠥᠪ ᠤᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠪᠠ ᠮᠥᠩᠭᠦᠨ ᠭᠦᠢᠯᠭᠡᠭᠡᠨ ᠤ ᠠᠵᠢᠯ ᠤᠨ ᠵᠥᠪᠯᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠡᠷᠳᠡᠮ ᠴᠢᠳᠠᠪᠤᠷᠢ ᠶᠢᠨ ᠲᠠᠯ᠎ᠠ ᠪᠠᠷ ᠰᠢᠯᠭᠠᠷᠠᠭᠰᠠᠨ᠂ ᠣᠪᠣᠷ ᠰᠤᠷᠲᠠᠯ ᠤᠨ ᠲᠠᠯ᠎ᠠ ᠪᠠᠷ ᠪᠠᠲᠤ ᠴᠢᠩᠭ᠎ᠠ ᠪᠠᠶᠢᠬᠤ ᠪᠠᠷᠢᠮᠵᠢᠶ᠎ᠠ ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠮᠥᠩᠭᠦᠨ ᠭᠦᠢᠯᠭᠡᠭᠡᠨ ᠤ ᠺᠠᠳ᠋ᠷ ᠤᠨ ᠴᠢᠳᠠᠪᠤᠷᠢᠲᠠᠨ ᠤ ᠡᠩᠨᠡᠭᠡ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠰᠢᠰᠲ᠋ᠧᠮ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ᠂ ᠴᠢᠬᠡᠴᠢ ᠵᠢᠷᠤᠮ ᠢᠶᠠᠷ ᠠᠰᠢᠭ ᠣᠯᠬᠤ᠂ ᠯᠠᠪᠳᠠᠭᠤᠨ ᠪᠣᠯᠭᠤᠮᠵᠢᠲᠠᠢ ᠪᠠᠶᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶ᠎ᠡ ᠪᠣᠯᠣᠨ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠤᠯᠢ ᠲᠣᠭᠲᠠᠭᠠᠯᠲᠠ ᠶᠢ ᠴᠠᠭ ᠲᠤᠬᠠᠢ ᠳᠤᠨᠢ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠮᠥᠩᠭᠦᠨ ᠭᠦᠢᠯᠭᠡᠭᠡᠨ ᠤ ᠠᠰᠠᠭᠤᠳᠠᠯ ᠤᠨ ᠲᠤᠬᠠᠢ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠤ ᠴᠢᠬᠤᠯᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠮᠥᠨ᠂ ᠡᠨᠡ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠤᠯᠴᠠᠨ ᠣᠶᠢᠯᠠᠭᠠᠵᠤ᠂ ᠤᠬᠠᠮᠰᠠᠷ ᠠᠴᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠤᠷᠸ᠎ᠠ ᠡᠵᠡᠮᠳᠡᠯ ᠲᠣᠬᠢᠷᠠᠭᠤᠯᠭ᠎ᠠ ᠶᠢ ᠲᠡᠭᠦᠯᠳᠡᠷᠵᠢᠭᠦᠯᠵᠦ᠂ ᠵᠣᠭᠤᠰᠤᠨ ᠤ ᠢᠲᠡᠭᠡᠮᠵᠢᠲᠦ ᠵᠢᠭᠡᠯᠡᠯᠭᠡ ᠶᠢᠨ ᠬᠠᠩᠭᠠᠯᠭ᠎ᠠ ᠬᠡᠷᠡᠭᠴᠡᠭᠡ ᠶᠢᠨ ᠵᠢᠮ᠎ᠡ ᠶᠣᠰᠣ ᠪᠠ ᠰᠢᠨ᠎ᠡ ᠣᠨᠴᠠᠯᠢᠭ ᠢ ᠣᠨᠣᠪᠴᠢᠲᠠᠢ ᠡᠵᠡᠮᠳᠡᠵᠦ᠂ ᠵᠣᠭᠤᠰᠤᠨ ᠤ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠦᠢᠯᠡᠴᠢᠯᠡᠭᠡ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ᠂ ︽ᠭᠠᠳᠠᠭᠰᠢ ᠭᠠᠷᠭᠠᠬᠤ︾ ᠪᠠ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠵᠦ᠂ ᠠᠷᠠᠳ ᠤᠨ ᠵᠣᠭᠤᠰ ᠤᠨ ᠳᠡᠯᠡᠬᠡᠶᠢᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠣᠳᠣᠬᠠᠨ ᠤ ᠮᠥᠩᠭᠦᠨ ᠭᠦᠢᠯᠭᠡᠭᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠦᠢᠯᠭᠡᠭᠡᠨ ᠤ ᠵᠣᠬᠢᠰᠲᠠᠢ ᠪᠥᠭᠡᠳ ᠭᠦᠢᠴᠡᠳ ᠪᠠᠶᠢᠬᠤ᠂ ᠪᠡᠯᠡ ᠮᠥᠩᠭᠦ ᠴᠤᠭᠯᠠᠭᠤᠯᠬᠤ ᠥᠪᠡᠷ ᠤᠨ ᠦᠷᠳᠡᠭ ᠢ ᠦᠷᠭᠦᠯᠵᠢᠯᠡᠨ ᠪᠠᠭᠤᠷᠠᠭᠤᠯᠬᠤ ᠶᠢ ᠪᠠᠲᠤᠯᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠨᠡᠩ ᠰᠠᠶᠢᠲᠤᠷ ᠲᠡᠮᠵᠢᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠢᠨ᠎ᠡ ᠤᠷᠤᠯᠳᠤᠭᠠᠨ ᠤ ᠵᠠᠮ᠂ ᠰᠢᠨ᠎ᠡ ᠵᠠᠬ᠎ᠠ ᠳᠡᠯᠭᠡᠭᠦᠷ ᠲᠤ ᠦᠵᠡᠭᠦᠯᠭᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠂ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠲᠦᠷᠭᠡᠨ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠯᠠᠩᠭᠤᠶ᠎ᠠ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠴᠢᠨᠠᠭᠰᠢᠳᠠ ᠨᠢᠭᠡᠳᠬᠡᠵᠦ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠾᠧ ᠯᠢ ᠹᠧᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠭᠡᠵᠢᠩ ᠬᠤᠲᠠ᠂ ᠯᠢᠶᠣᠤᠨᠢᠩ ᠮᠤᠵᠢ᠂ ᠬᠤᠪᠧᠢ ᠮᠤᠵᠢ᠂ ᠰᠧᠴᠤᠸᠠᠨ ᠮᠤᠵᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃
     ᠲᠥᠪ ᠤᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠭᠡᠰᠢᠭᠦᠨ᠂ ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠥᠪ  ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号