ᠦᠴᠤᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ᠄ ᠭᠦᠨᠵᠡᠭᠡᠶ ᠰᠣᠷᠣᠯᠴᠠᠨ ᠨᠠᠷᠢᠨ ᠤᠬᠠᠪᠤᠷᠢᠯᠠᠵᠤ  ᠪᠣᠳᠠᠲᠠᠶ ᠪᠠᠷ ᠠᠵᠢᠯᠯᠠᠨ ᠦᠨᠡᠨᠴᠢ ᠪᠠᠷ ᠭᠦᠢᠴᠡᠳᠬᠡᠵᠦ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/10
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠴᠤᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ︽ᠦᠵᠡᠯ ᠰᠠᠨᠠᠭ᠎ᠠ ᠶᠢ ᠰᠤᠷᠤᠯᠴᠠᠬᠤ ᠨᠠᠮᠴᠢ ᠴᠢᠨᠠᠷ ᠢ ᠴᠢᠩᠭᠠᠳᠬᠠᠬᠤ ᠦᠢᠯᠡᠳᠦᠯᠭᠡ ᠶᠢ ᠴᠢᠬᠤᠯᠠᠴᠢᠯᠠᠬᠤ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ︽ᠲᠥᠪ ᠭᠤᠣᠯᠴᠢ ᠪᠠ ᠦᠷ᠎ᠡ ᠪᠦᠲᠦᠮᠵᠢ ᠲᠠᠢ ᠪᠠᠶᠢᠯᠭᠠᠬᠤ︾ ᠠᠵᠢᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠬᠡᠯᠪᠡᠷᠢ ᠶᠢᠨ ᠰᠤᠷᠤᠯᠴᠠᠯᠭ᠎ᠠ ᠪᠠ ᠠᠷᠠᠳ ᠲᠦᠮᠡᠨ ᠳᠤ ᠦᠢᠯᠡᠴᠢᠯᠡᠬᠦ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢ ᠬᠥᠮᠦᠵᠢᠭᠦᠯᠦᠨ ᠬᠥᠲᠥᠯᠥᠨ ᠵᠢᠯᠣᠭᠤᠳᠴᠤ ᠣᠶᠢᠯᠠᠭᠠᠭᠳᠠᠬᠤᠨ ᠢ ᠨᠢ ᠪᠠᠲᠤᠳᠬᠠᠵᠤ᠂ ᠨᠠᠮᠴᠢ ᠴᠢᠨᠠᠷ ᠢ ᠨᠢ ᠬᠠᠲᠠᠭᠤᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠢᠯ ᠢ ᠨᠢ ᠲᠦᠯᠬᠢᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃      ᠭᠤᠣᠯ ᠰᠡᠳᠦᠪᠲᠦ ᠰᠤᠷᠭᠠᠨ ᠬᠥᠮᠦᠵᠢᠯ ᠢ ᠨᠡᠶᠢᠳᠡᠮ ᠬᠠᠮᠤᠷᠬᠤ ᠶᠢ ᠲᠦᠭᠡᠮᠡᠯᠵᠢᠭᠦᠯᠦᠨ᠎ᠡ᠃ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠳᠤᠮᠳᠠ ᠣᠷᠣᠰᠢᠵᠤ ᠪᠠᠶᠢᠭ᠎ᠠ ᠨᠠᠰᠤ ᠠᠬᠠᠰᠢᠷᠠᠵᠤ ᠪᠡᠶ᠎ᠡ ᠮᠠᠭᠤᠳᠠᠬᠤ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠦᠵᠡᠭᠳᠡᠯ ᠳᠤ ᠬᠠᠨᠳᠤᠯᠭ᠎ᠠ ᠲᠠᠢ ᠪᠠᠷ ︽ᠰᠤᠷᠤᠯᠴᠠᠯᠭ᠎ᠠ ᠶᠢ ᠬᠡᠷ ᠲᠤᠨᠢ ᠬᠦᠷᠭᠡᠵᠦ ᠂ ᠬᠥᠮᠦᠰ ᠤᠨ ᠰᠡᠳᠬᠢᠯ ᠳᠤ ᠴᠤᠤᠷᠢᠶᠠᠲᠤᠭᠤᠯᠬᠤ︾ ᠠᠵᠢᠯᠯᠠᠭ᠎ᠠ ᠶᠢ ᠥᠷᠨᠢᠭᠦᠯᠵᠦ᠂ ᠠᠬᠠᠮᠠᠳ ᠨᠠᠮ ᠤᠨ ᠭᠡᠰᠢᠭᠦᠳ ᠲᠤ ᠭᠤᠣᠯ ᠰᠡᠳᠦᠪᠲᠦ ᠰᠤᠷᠭᠠᠨ ᠬᠥᠮᠦᠵᠢᠯ ᠤᠨ ᠨᠣᠮ ᠪᠢᠴᠢᠭ᠂ ᠬᠤᠯᠪᠣᠭᠳᠠᠯ ᠪᠦᠬᠦᠢ ᠰᠤᠷᠤᠯᠴᠠᠬᠤ ᠮᠠᠲ᠋ᠧᠷᠢᠶᠠᠯ ᠵᠡᠷᠭᠡ ᠶᠢ ᠬᠦᠷᠭᠡᠪᠡ᠃ ᠰᠤᠷᠭᠠᠨ ᠬᠥᠮᠦᠵᠢᠯ ᠂ ᠰᠤᠷᠤᠯᠴᠠᠯᠭ᠎ᠠ ᠶᠢ ᠬᠡᠷ ᠲᠤᠨᠢ ᠬᠦᠷᠭᠡᠬᠦ ᠨᠢ ᠠᠬᠠᠮᠠᠳ ᠨᠠᠮ ᠤᠨ ᠭᠡᠰᠢᠭᠦᠨ ᠤ ᠰᠤᠷᠤᠯᠴᠠᠯᠭ᠎ᠠ ᠳᠤ ︽ᠬᠢᠴᠢᠶᠡᠯ ᠠᠴᠠ ᠬᠤᠴᠣᠷᠬᠤ ᠥᠬᠡᠶ︾᠂ ᠣᠨᠣᠯ ᠤᠨ ᠲᠠᠯ᠎ᠠ ᠪᠠᠷ ︽ᠰᠤᠷᠤᠯᠴᠠᠯᠭ᠎ᠠ ᠠᠴᠠ ᠬᠤᠴᠣᠷᠬᠤ ᠥᠬᠡᠶ︾᠂ ᠣᠶᠤᠨ ᠰᠠᠨᠠᠭᠠᠨ ᠤ ᠲᠠᠯ᠎ᠠ ᠪᠠᠷ ︽ᠡᠩᠨᠡᠭᠡ ᠠᠴᠠ ᠪᠠᠨ ᠬᠤᠴᠣᠷᠬᠤ ᠥᠬᠡᠶ︾ ᠪᠠᠶᠢᠬᠤ ᠶᠢ ᠪᠠᠲᠤᠯᠠᠵᠤ᠂ ᠭᠤᠤᠯ ᠰᠡᠳᠦᠪᠲᠦ ᠬᠥᠮᠦᠵᠢᠯ ᠢ ᠪᠦᠬᠦᠨ ᠢ ᠬᠠᠮᠤᠷᠤᠨ ᠥᠷᠨᠢᠭᠦᠯᠬᠦ ᠶᠢ ᠲᠦᠢᠯ ᠤᠨ ᠶᠡᠭᠡ ᠪᠠᠷ ᠳᠥᠯᠭᠢᠨ ᠠᠬᠢᠭᠤᠯᠪᠠ᠃      ᠡᠭᠦᠳᠡ ᠪᠠᠨ ᠨᠡᠭᠡᠭᠡᠵᠦ ᠰᠠᠨᠠᠭᠤᠯᠭ᠎ᠠ ᠰᠣᠨᠣᠰᠴᠤ᠂ ᠠᠷᠠᠳ ᠤᠨ ᠰᠠᠨᠠᠭ᠎ᠠ ᠶᠢ ᠢᠳᠡᠪᠬᠢᠲᠡᠶ ᠪᠠᠷ ᠴᠤᠭᠯᠠᠭᠤᠯᠤᠨ᠎ᠠ᠃ ︽ᠦᠵᠡᠯ ᠰᠠᠨᠠᠭ᠎ᠠ ᠶᠢ ᠰᠤᠷᠤᠯᠴᠠᠬᠤ ᠨᠠᠮᠴᠢ ᠴᠢᠨᠠᠷ ᠢ ᠴᠢᠩᠭᠠᠳᠬᠠᠬᠤ ᠦᠢᠯᠡᠳᠦᠯᠭᠡ ᠶᠢ ᠴᠢᠬᠤᠯᠠᠴᠢᠯᠠᠬᠤ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠠᠷᠭ᠎ᠠ ᠮᠠᠶ᠋ᠢᠭ ᠢ ᠠᠪᠴᠤ᠂ ᠡᠭᠦᠳᠡ ᠪᠠᠨ ᠨᠡᠭᠡᠭᠡᠵᠦ ᠰᠠᠨᠠᠭᠤᠯᠭ᠎ᠠ ᠰᠣᠨᠣᠰᠴᠤ᠂ ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠰᠢᠭᠦᠨ ᠲᠠᠰᠤᠯᠬᠤ ᠭᠦᠢᠴᠡᠳᠬᠡᠬᠦ ᠵᠡᠷᠭᠡ ᠡᠯ᠎ᠡ ᠵᠦᠢᠯ ᠤᠨ ᠠᠵᠢᠯ ᠤᠨ ᠲᠤᠬᠠᠶ ᠰᠠᠨᠠᠯ ᠢ ᠴᠤᠭᠯᠠᠭᠤᠯᠬᠤ ᠪᠠᠷ ᠳᠠᠮᠵᠢᠭᠤᠯᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠦᠨᠡᠨᠬᠦ ᠪᠣᠳᠠᠲᠠᠶ ᠪᠠᠷ ᠨᠠᠶᠢᠳᠠᠪᠤᠷᠢᠵᠢᠭᠤᠯᠪᠠ᠃      ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠬᠠᠤᠯᠢᠵᠢᠯ ᠤᠨ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠦᠨ᠎ᠡ᠃ ᠰᠢᠩ ᠱᠧᠩ ᠨᠡᠶᠢᠭᠡᠮ ᠲᠣᠭᠤᠷᠢᠭ ᠲᠤ ᠫᠠᠶᠢᠰᠠ ᠡᠯᠭᠦᠨ ᠪᠠᠶᠢᠭᠤᠯᠤᠭᠰᠠᠨ ︽ᠨᠢᠭᠡ ᠲᠣᠰᠬᠤᠨ ᠳᠤ ᠨᠢᠭᠡ ᠬᠠᠤᠯᠢ ᠶᠢᠨ ᠲᠤᠰᠢᠶᠠᠯᠲᠠᠨ︾ ᠤ ᠬᠠᠤᠯᠢ ᠶᠢᠨ ᠲᠤᠰᠢᠶᠠᠯᠲᠠᠨ ᠤ ᠠᠵᠢᠯ  ᠨᠢ ᠨᠠᠮ ᠤᠨ ᠭᠡᠰᠢᠭᠦᠨ ᠺᠠᠳ᠋ᠷ ᠴᠠᠭᠳᠠᠭ᠎ᠠ ᠨᠠᠷ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠤᠨ ᠠᠷᠠᠳ ᠤᠯᠠᠨ ᠳᠤ ᠬᠠᠤᠯᠢ ᠴᠠᠭᠠᠵᠠ ᠶᠢᠨ ᠵᠦᠢᠯ ᠵᠤᠷᠪᠤᠰ ᠢ ᠤᠬᠠᠭᠤᠯᠬᠤ᠂ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠬᠦ᠂ ᠬᠠᠤᠯᠢ ᠲᠦᠷᠢᠮ ᠤᠨ ᠮᠡᠳᠡᠯᠭᠡ ᠶᠢ ᠳᠡᠯᠭᠡᠷᠡᠭᠦᠯᠬᠦ᠂ ᠨᠡᠶᠢᠭᠡᠮ ᠲᠣᠭᠤᠷᠢᠭ ᠤᠨ ᠤᠯᠠᠨ ᠲᠦᠮᠡᠨ ᠤ ᠬᠦᠴᠢᠷ ᠲᠦᠪᠡᠭᠲᠡᠶ ᠠᠰᠠᠭᠤᠳᠠᠯ ᠪᠠ ᠬᠠᠤᠯᠢ ᠴᠠᠭᠠᠵᠠ ᠶᠢᠨ ᠬᠦᠴᠢᠷᠳᠡᠯ ᠢ ᠠᠭᠤᠳᠠᠯᠬᠤ᠂ ᠬᠠᠨᠳᠤᠯᠭᠠᠲᠤ ᠴᠢᠨᠠᠷᠲᠠᠶ ᠪᠠᠷ ᠬᠠᠤᠯᠢ ᠴᠠᠭᠠᠵᠠ ᠶᠢᠨ ᠬᠠᠷᠢᠭᠤᠯᠲᠠ ᠬᠠᠩᠭᠠᠬᠤ ᠶᠢᠨ ᠬᠠᠮᠲᠤ ᠤᠯᠠᠨ ᠲᠦᠮᠡᠨ ᠢ ᠬᠥᠲᠥᠯᠥᠨ ᠵᠢᠯᠣᠭᠤᠳᠴᠤ ᠵᠥᠪ ᠠᠷᠭ᠎ᠠ ᠵᠠᠮ ᠢ ᠰᠣᠩᠭᠤᠨ ᠵᠥᠷᠢᠴᠡᠯ ᠪᠠ ᠵᠢᠭᠤᠷᠠᠯᠳᠤᠭᠠᠨ ᠢ ᠰᠢᠶ᠋ᠳᠪᠦᠷᠢᠯᠡᠭᠦᠯᠵᠦ᠂ ᠬᠠᠷᠢᠶ᠎ᠠ ᠣᠷᠣᠨ ᠤ ᠪᠠᠨ ᠠᠮᠤᠷ ᠲᠣᠭᠲᠠᠭᠤᠨ᠂ ᠪᠦᠯᠬᠦᠮᠳᠡᠯ ᠲᠠᠢ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠭᠡᠷ ᠣᠷᠣᠨ ᠢ ᠬᠠᠮᠲᠤ ᠪᠠᠷ ᠪᠠᠶᠢᠭᠤᠯᠬᠤ ᠳᠤ ᠬᠠᠤᠯᠢᠵᠢᠯ ᠤᠨ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃      ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠠᠤᠯᠢᠵᠢᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠡᠭᠦᠯ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠬᠠᠤᠯᠢᠵᠢᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠶᠠᠨ ᠤ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠥᠷᠭᠡᠨ ᠢᠶᠠᠷ ᠰᠤᠷᠪᠤᠯᠵᠢᠯᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠬᠡᠷᠡᠭᠴᠡᠭᠡ ᠶᠢ ᠭᠦᠨᠵᠡᠭᠡᠶ ᠣᠶᠢᠯᠠᠭᠠᠵᠤ᠂ ᠬᠠᠤᠯᠢ ᠴᠠᠭᠠᠵᠠ ᠶᠢᠨ ᠵᠥᠪᠯᠡᠯᠭᠡ ᠪᠠ ᠦᠢᠯᠡᠴᠢᠯᠡᠭᠡ ᠬᠠᠩᠭᠠᠵᠤ᠂ ᠬᠠᠤᠯᠢ ᠶᠢᠨ ᠲᠤᠰᠢᠶᠠᠯᠲᠠᠨ ᠤ ᠠᠵᠤ ᠠᠬᠤᠶᠢᠯᠠᠯ ᠳᠤ ᠣᠴᠢᠵᠤ ︽ᠰᠤᠳᠠᠯ ᠪᠠᠷᠢᠵᠤ ᠠᠰᠠᠭᠤᠬᠤ︾ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ ᠬᠦᠴᠢᠷᠳᠡᠯ ᠠᠴᠠ ᠠᠩᠭᠢᠵᠢᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠢ ᠡᠬᠢ ᠡᠭᠦᠰᠦᠯ ᠠᠴᠠ ᠨᠢ ᠬᠠᠪᠰᠤᠷᠤᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号