ᠦᠴᠤᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 114 ᠳ᠋ᠦ᠋ᠭᠡᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/10
     11 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 114 ᠳ᠋ᠦ᠋ᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠲᠠᠢ ᠬᠠᠮᠲᠤ ᠪᠠᠷ ᠶᠠᠷᠢᠯᠴᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠶᠠᠷᠢᠶ᠎ᠠ︾ ᠶᠢ ᠤᠯᠠᠮᠵᠢᠯᠠᠨ ᠰᠤᠷᠤᠯᠴᠠᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ ᠠᠩᠬᠠᠳᠤᠭᠠᠷ ᠬᠤᠷᠠᠯ ᠪᠣᠯᠤᠨ ᠪᠦᠬᠦ ᠤᠯᠤᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠪᠢᠳᠡᠨ ᠤ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠨᠡᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠮᠥᠩᠭᠦᠨ ᠭᠦᠢᠯᠭᠡᠭᠡᠨ ᠤ ᠠᠵᠢᠯ ᠤᠨ ᠮᠥᠩᠬᠡ ᠶᠢᠨ ᠭᠤᠣᠯ ᠰᠡᠳᠦᠪ ᠪᠣᠯᠭᠠᠬᠤ ᠶᠢ ᠪᠠᠷᠢᠮᠲᠠᠯᠠᠬᠤ ᠬᠤᠶᠠᠷ ᠶᠡᠭᠡ ᠠᠵᠢᠯ ᠤᠨ ᠠᠭᠤᠯᠭ᠎ᠠ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠠᠵᠢᠯ ᠢ ᠰᠡᠳᠬᠢᠨ ᠰᠦᠪᠡᠭᠴᠢᠯᠡᠵᠦ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠮᠡᠭᠲᠡᠶᠢᠴᠦᠳ ᠤᠨ ᠦᠢᠯᠡᠰ ᠤᠨ ᠤᠯᠤᠰ ᠲᠦᠷᠦ ᠶᠢᠨ ᠰᠢᠨᠵᠢ ᠴᠢᠨᠠᠷ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠥᠷᠭᠡᠨ ᠤᠯᠠᠨ ᠡᠮᠡᠭᠲᠡᠶᠢᠴᠦᠳ ᠢ ᠬᠦᠳᠦᠯᠦᠨ ᠵᠢᠯᠣᠭᠤᠳᠴᠤ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠭᠠᠷᠳᠠᠬᠤ ᠴᠡᠭ᠂ ᠤᠶᠠᠯᠳᠤᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠢᠯ ᠤᠨ ᠡᠬᠢᠨ ᠳᠤ ᠡᠯ᠎ᠡ ᠵᠦᠢᠯ ᠤᠨ ᠬᠢᠨᠠᠨ ᠪᠤᠳᠤᠬᠤ ᠲᠥᠯᠥᠪᠯᠡᠭᠡ ᠶᠢᠨ ᠬᠠᠷᠠᠯᠲᠠ ᠶᠢ ᠲᠣᠭᠲᠠᠭᠠᠵᠤ᠂ ᠬᠢᠨᠠᠨ ᠪᠤᠳᠤᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠨᠠᠨ ᠪᠤᠳᠤᠵᠤ ᠭᠠᠷᠭᠠᠭᠰᠠᠨ ᠠᠰᠠᠭᠤᠳᠠᠯ ᠢ ᠴᠠᠭ ᠲᠤᠬᠠᠶ ᠳᠤᠨᠢ ᠵᠠᠳᠠᠯᠤᠨ ᠰᠤᠳᠤᠯᠬᠤ ᠶᠢᠨ ᠬᠠᠮᠲᠤ ᠬᠢᠨᠠᠨ ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠵᠤ᠂ ᠴᠢᠩᠭ᠎ᠠ ᠬᠦᠴᠦᠲᠡᠶ ᠬᠢᠨᠠᠨ ᠪᠤᠳᠤᠵᠤ ᠬᠢᠨᠠᠯᠲᠠ ᠲᠠᠯᠪᠢᠬᠤ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠡᠷᠡᠰ ᠲᠤᠭᠤᠰᠢᠯᠠᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢᠶᠠᠷ ᠭᠠᠷᠳᠠᠴᠠ ᠪᠣᠯᠭᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠵᠣᠷᠢᠯᠲᠠ ᠶᠢᠨ ᠤᠬᠠᠮᠰᠠᠷ ᠢᠶᠠᠷ ᠬᠥᠲᠥᠯᠦᠮᠵᠢ ᠪᠣᠯᠭᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠠᠬᠢᠭᠤᠯᠵᠤ᠂ ︽ᠬᠤᠶᠠᠷ ᠢ ᠬᠦᠷᠢᠶᠡᠯᠡᠬᠦ︾ ᠠᠵᠢᠯ ᠢᠶᠠᠷ ᠬᠤᠯᠪᠣᠭᠠᠰᠤ ᠪᠣᠯᠭᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠪᠠᠶᠢᠷᠢᠯᠠᠭᠤᠯᠪᠠ᠃      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ    
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号