ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/10
     11 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠴᠧᠩ ᠵᠢᠩ ᠵᠢᠶᠦ᠋ᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠶ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠵᠤ᠂ ᠳᠠᠷᠠᠭ᠎ᠠ ᠪᠠᠷ ᠨᠢ ᠬᠡᠰᠡᠭ ᠭᠤᠤᠯ ᠳᠤᠭᠤᠶᠢᠯᠠᠩ ᠤᠨ ᠪᠦᠷᠢᠯᠳᠦᠬᠦᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢᠨ ᠲᠣᠭᠤᠷᠢᠨ ᠳᠤ᠂ ᠲᠣᠰ ᠪᠡᠶ᠎ᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠨᠡᠩ ᠥᠨᠳᠥᠷ ᠵᠣᠭᠰᠣᠴᠠ ᠪᠠᠷ ᠬᠠᠤᠯᠢᠵᠢᠯ ᠤᠨ ᠪᠠᠶᠢᠭᠤᠯᠤᠯᠲᠠ ᠶᠢᠨ ᠵᠥᠪ ᠴᠢᠭᠯᠡᠯ ᠢ ᠪᠠᠲᠤ ᠰᠠᠬᠢᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠥᠨᠳᠥᠷᠴᠡ ᠳᠤ ᠵᠣᠭᠰᠣᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠢᠶᠠᠨ ᠲᠦᠯᠬᠢᠨ ᠠᠬᠢᠭᠤᠯᠬᠤ ᠬᠦᠴᠦᠲᠡᠶ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ ᠡᠯ᠎ᠡ ᠲᠠᠯ᠎ᠠ ᠶᠢᠨ ᠪᠦᠬᠦ ᠶᠠᠪᠤᠴᠠ ᠳᠤ ᠦᠨᠡᠨᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠠᠤᠯᠢ ᠪᠠᠷ ᠰᠢᠶᠠᠨ ᠢ ᠵᠠᠰᠠᠬᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠬᠠᠤᠯᠢᠵᠢᠯ ᠤᠨ ᠬᠦᠴᠦᠨ ᠢᠶᠠᠷ ᠭᠤᠣᠯᠳᠠᠯᠭ᠎ᠠ ᠲᠠᠢ ᠠᠵᠢᠯ ᠢ ᠪᠠᠲᠤᠯᠠᠨ ᠦᠢᠯᠡᠴᠢᠯᠡᠵᠦ᠂ ᠪᠦᠬᠦ ᠰᠢᠶᠠᠨ ᠢᠶᠠᠷ ᠭᠤᠣᠯ ᠪᠣᠯᠭᠠᠭᠰᠠᠨ ᠶᠡᠭᠡ ᠲᠠᠯ᠎ᠠ ᠶᠢᠨ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠠᠵᠠ ᠵᠢᠷᠭᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠠᠷᠭ᠎ᠠ ᠪᠠᠷᠢᠯ ᠢᠶᠠᠷ ᠪᠦᠬᠦ ᠰᠢᠶᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠬᠠᠤᠯᠢᠵᠢᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠳᠤ ᠨᠡᠩ ᠥᠨᠳᠥᠷ ᠪᠦᠲᠦᠮᠵᠢᠲᠡᠢ᠂ ᠴᠢᠨᠠᠷ ᠰᠠᠶᠢᠲᠠᠢ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠬᠦᠷᠢᠶᠡᠨ ᠤ ᠵᠥᠷᠢᠴᠡᠯ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠶᠢ ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠦᠨᠳᠦᠰᠦᠨ ᠬᠠᠤᠯᠢ ᠬᠠᠤᠯᠢ ᠴᠠᠭᠠᠵᠠ ᠶᠢ ᠤᠬᠠᠭᠤᠯᠤᠨ ᠲᠦᠭᠡᠮᠡᠯᠵᠢᠭᠦᠯᠵᠦ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠪᠦᠬᠦ ᠨᠡᠶᠢᠭᠡᠮ ᠤᠨ ᠬᠠᠤᠯᠢᠵᠢᠯ ᠤᠨ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠨᠡᠩ ᠴᠢᠩᠭ᠎ᠠ ᠬᠠᠷᠢᠭᠤᠴᠠᠯᠭ᠎ᠠ ᠪᠠᠷ ᠬᠠᠤᠯᠢ ᠪᠠᠷ ᠰᠢᠶᠠᠨ ᠢ ᠵᠠᠰᠠᠬᠤ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠵᠢᠱᠢᠶᠡᠴᠢ ᠪᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠤᠨᠢᠨ ᠳᠡᠭᠡᠷ᠎ᠡ ᠨᠢ ᠵᠣᠯᠭᠠᠭᠤᠯᠬᠤ ᠶᠢ ᠠᠬᠢᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠵᠢᠴᠢ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ᠂ ᠤᠯᠤᠰ ᠤᠨ ᠬᠠᠤᠯᠢ ᠴᠠᠭᠠᠵᠠ ᠵᠡᠷᠭᠡ ᠶᠢᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ᠎ᠡ᠃ ᠺᠠᠳ᠋ᠷᠴᠤᠳ ᠤᠨ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠥᠮᠦᠵᠢᠯ ᠢ ᠴᠢᠩᠭᠠᠳᠬᠠᠵᠤ᠂ ᠲᠦᠷᠢᠮ ᠤᠨ ᠬᠡᠷᠡᠭᠵᠢᠭᠦᠯᠦᠯᠲᠡ ᠶᠢ ᠪᠣᠳᠠᠲᠠᠢ ᠠᠳᠬᠤᠵᠤ᠂ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠥᠷᠨᠢᠭᠦᠯᠵᠦ᠂ ᠡᠷᠬᠡ ᠶᠢ ᠲᠥᠪ ᠭᠤᠣᠯᠴᠢ ᠪᠠᠷ ᠬᠡᠷᠡᠭᠯᠡᠬᠦ᠂ ᠡᠷᠬᠡ ᠶᠢ ᠬᠠᠤᠯᠢ ᠶᠣᠰᠣᠭᠠᠷ ᠬᠡᠷᠡᠭᠯᠡᠬᠦ᠂ ᠡᠷᠬᠡ ᠶᠢ ᠠᠷᠢᠭᠤᠨ ᠴᠢᠬᠡᠴᠢ ᠪᠠᠷ ᠬᠡᠷᠡᠭᠯᠡᠬᠦ ᠶᠢ ᠦᠨᠡᠨᠬᠦ ᠪᠠᠲᠤᠯᠠᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠲᠠᠶᠢᠴᠢᠯᠠᠨ ᠪᠦᠬᠦ ᠨᠡᠶᠢᠭᠡᠮ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠳᠠᠶᠢᠴᠢᠯᠠᠬᠤ ᠬᠡᠷᠡᠭᠲᠡᠢ᠃ ᠰᠢᠯᠭᠠᠷᠠᠭᠰᠠᠨ ᠬᠠᠤᠯᠢᠵᠢᠯ ᠤᠨ ᠠᠵᠢᠯ ᠤᠨ ᠡᠩᠨᠡᠭᠡ ᠶᠢ ᠪᠠᠶᠢᠭᠤᠯᠵᠤ᠂ ᠬᠠᠤᠯᠢᠵᠢᠯ ᠤᠨ ᠡᠩᠨᠡᠭᠡ ᠶᠢᠨ ᠵᠢᠩᠬᠢᠨᠢᠴᠢᠯᠡᠭᠰᠡᠨ᠂ ᠲᠤᠰᠬᠠᠶᠢᠵᠢᠭᠰᠠᠨ᠂ ᠠᠵᠢᠯ ᠮᠡᠷᠭᠡᠵᠢᠭᠰᠡᠨ ᠲᠦᠪᠰᠢᠨ ᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠬᠠᠤᠯᠢᠵᠢᠯ ᠢᠶᠠᠷ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ    
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号