ᠶᠡᠭᠡ ᠳᠡᠭᠡᠳᠦ ᠰᠤᠷᠭᠠᠭᠤᠯᠢ ᠶᠢ 4.13 ᠳ᠋ᠦᠩᠰᠢᠭᠤᠷ ᠲᠥᠭᠦᠷᠢᠭ ᠢᠶᠠᠷ ᠳᠡᠮᠵᠢᠨ᠎ᠠ
ᠨᠡᠶᠢᠲᠡᠯᠡᠭᠰᠡᠨ ᠴᠠᠭ᠄
2023/11/10
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠪᠠ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠬᠤ ᠶᠢᠨ ᠲᠥᠯᠥᠭᠡ᠂ 2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ︽ᠬᠤᠣᠰ ᠲᠡᠷᠢᠭᠦᠨ ᠵᠡᠷᠭᠡ︾ ( ᠲᠡᠷᠢᠭᠦᠨ ᠵᠡᠷᠭᠡ ᠶᠢᠨ ᠶᠡᠭᠡ ᠰᠤᠷᠭᠠᠭᠤᠯᠢ᠂ ᠲᠡᠷᠢᠭᠦᠨ ᠵᠡᠷᠭᠡ ᠶᠢᠨ  ᠰᠢᠨᠵᠢᠯᠡᠭᠡᠨ ᠤ ᠰᠠᠯᠠᠭ᠎ᠠ) ᠶᠢᠨ ᠪᠦᠲᠦᠭᠡᠨ ᠪᠠᠶᠢᠭᠤᠯᠤᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ᠶᠢ 4.13 ᠳ᠋ᠦᠩᠰᠢᠭᠤᠷ ᠲᠥᠭᠦᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 7 ᠶᠡᠭᠡ ᠳᠡᠭᠡᠳᠦ ᠰᠤᠷᠭᠠᠭᠤᠯᠢ ᠶᠢᠨ 21 ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠪᠠᠶᠢᠭᠤᠯᠬᠤ ᠶᠢ ᠳᠡᠮᠵᠢᠪᠡ᠃      ᠣᠶᠢᠯᠠᠭᠠᠭᠰᠠᠨ ᠢᠶᠠᠷ᠂ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠲᠡᠷᠢᠭᠦᠨ ᠵᠡᠷᠭᠡ ᠶᠢᠨ ᠪᠠᠭᠰᠢ ᠶᠢᠨ ᠡᠩᠨᠡᠭᠡ ᠶᠢ ᠪᠠᠶᠢᠭᠤᠯᠬᠤ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠭᠦ᠂ ᠰᠢᠯᠢᠳᠡᠭ ᠰᠣᠶᠣᠯ ᠢ ᠤᠯᠠᠮᠵᠢᠯᠠᠨ ᠰᠢᠨ᠎ᠡ ᠶᠢ ᠡᠭᠦᠳᠬᠦ᠂ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯ ᠢ ᠬᠦᠴᠦᠯᠡᠨ ᠠᠬᠢᠭᠤᠯᠬᠤ ᠵᠡᠷᠭᠡ ᠳᠤ ᠲᠤᠰᠬᠠᠢ ᠬᠡᠷᠡᠭᠯᠡᠨ᠎ᠡ᠃ ᠡᠭᠦᠨ ᠤ ᠵᠣᠷᠢᠯᠭ᠎ᠠ ᠨᠢ ᠪᠣᠯ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠶᠡᠷᠦᠩᠬᠡᠶᠢᠯᠡᠭᠰᠡᠨ ᠪᠣᠳᠠᠲᠤ ᠬᠦᠴᠦᠨ ᠪᠣᠯᠣᠨ ᠥᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠦᠭᠦ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠲᠡᠷᠢᠭᠦᠨ ᠵᠡᠷᠭᠡ ᠶᠢᠨ ᠶᠡᠭᠡ ᠳᠡᠭᠡᠳᠦ ᠰᠤᠷᠭᠠᠭᠤᠯᠢ ᠪᠣᠯᠣᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠶᠤᠨ ᠤ ᠳᠡᠮᠵᠢᠯᠭᠡ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号