︽ᠭᠦᠭᠡᠬᠤᠳᠠ ᠶᠢᠨ ᠵᠠᠰᠠᠭ ᠤᠨ ᠣᠷᠳᠣᠨ ᠤ ᠪᠡᠯᠡ ᠤᠷᠤᠭᠤᠯᠤᠯᠳᠠ ᠶᠢᠨ ᠬᠠᠮᠢᠶᠠᠷᠤᠯᠲᠠ ᠶᠢᠨ ᠠᠷᠭ᠎ᠠ︾  ᠶᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/11/10
     ᠭᠦᠭᠡᠬᠤᠳᠠ ᠶᠢᠨ ᠵᠠᠰᠠᠭ ᠤᠨ ᠣᠷᠳᠣᠨ ᠤ ᠪᠡᠯᠡ ᠤᠷᠤᠭᠤᠯᠤᠯᠳᠠ ᠶᠢᠨ ᠬᠠᠮᠢᠶᠠᠷᠤᠯᠲᠠ ᠶᠢᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠵᠠᠰᠠᠭ ᠤᠨ ᠣᠷᠣᠨ ᠤ ᠪᠡᠯᠡ ᠤᠷᠤᠭᠤᠯᠤᠯᠳᠠ ᠶᠢᠨ ᠦᠷ᠎ᠡ ᠠᠰᠢᠭ ᠢ ᠳᠡᠭᠡᠭᠰᠢᠯᠡᠭᠦᠯᠭᠦ ᠶᠢᠨ ᠲᠥᠯᠥᠭᠡ ᠭᠦᠭᠡᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠣᠶᠢᠷ᠎ᠠ  ᠳᠤ ︽ᠭᠦᠭᠡᠬᠤᠳᠠ ᠶᠢᠨ ᠵᠠᠰᠠᠭ ᠤᠨ ᠣᠷᠳᠣᠨ ᠤ ᠪᠡᠯᠡ ᠤᠷᠤᠭᠤᠯᠤᠯᠳᠠ ᠶᠢᠨ ᠬᠠᠮᠢᠶᠠᠷᠤᠯᠲᠠ ᠶᠢᠨ ᠠᠷᠭ᠎ᠠ︾ ᠶᠢ ᠲᠤᠭᠤᠷᠪᠢᠨ ᠲᠣᠭᠲᠠᠭᠠᠵᠤ᠂ ᠭᠦᠭᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠭᠡᠯᠪᠡᠷᠢ ᠪᠠᠷ ᠨᠡᠶᠢᠲᠡᠯᠡᠨ ᠬᠡᠷᠡᠭᠵᠢᠭᠦᠯᠪᠡ᠃      ᠲᠤᠰ ᠬᠠᠮᠢᠶᠠᠷᠤᠯᠲᠠ ᠶᠢᠨ ᠠᠷᠭ᠎ᠠ ᠨᠢ 7 ᠪᠦᠯᠦᠭ 36 ᠵᠦᠢᠯ ᠤᠨ ᠠᠭᠤᠯᠭ᠎ᠠ ᠲᠠᠢ᠂ ᠭᠤᠣᠯᠳᠠᠭᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠨᠤᠲᠠᠯᠠᠯᠲᠠ᠂ ᠬᠢᠨᠠᠨ ᠵᠥᠪᠰᠢᠶᠡᠷᠡᠬᠦ ᠵᠢᠷᠤᠮ᠂ ᠵᠢᠯ ᠤᠨ ᠲᠥᠯᠥᠪᠯᠡᠭᠡ ᠵᠢᠴᠢ ᠬᠡᠷᠡᠭᠵᠢᠭᠦᠯᠦᠯᠲᠡ᠂ ᠥᠪᠡᠷ ᠤᠨ ᠦᠷᠳᠡᠭ ᠢ ᠬᠠᠮᠢᠶᠠᠷᠤᠨ ᠡᠵᠡᠮᠳᠡᠬᠦ᠂ ᠪᠠᠷᠢᠯᠭ᠎ᠠ ᠳᠠᠭᠤᠰᠤᠨ ᠰᠢᠯᠭᠠᠨ ᠠᠪᠬᠤ᠂ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠦᠷᠦᠯ ᠵᠦᠢᠯ ᠳᠤ ᠲᠣᠭᠲᠠᠭᠠᠯ ᠶᠣᠰᠣᠭᠠᠷ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢᠨ ᠬᠠᠮᠲᠤ ᠨᠡᠶᠢᠭᠡᠮ ᠤᠨ ᠬᠢᠨᠠᠯᠲᠠ ᠶᠢ  ᠭᠥᠯᠢᠶᠡᠨ ᠠᠪᠬᠤ ᠬᠡᠷᠡᠭᠲᠡᠢ ᠭᠡᠵᠦ ᠲᠣᠭᠲᠠᠭᠠᠵᠠᠢ᠃      ᠲᠤᠰ ᠬᠠᠮᠢᠶᠠᠷᠤᠯᠲᠠ ᠶᠢᠨ ᠠᠷᠭ᠎ᠠ ᠨᠢ ᠭᠦᠭᠡᠬᠤᠳᠠ ᠶᠢᠨ ᠵᠠᠰᠠᠭ ᠤᠨ ᠣᠷᠳᠣᠨ ᠤ ᠪᠡᠯᠡ ᠤᠷᠤᠭᠤᠯᠤᠯᠳᠠ  ᠶᠢᠨ ᠬᠠᠮᠢᠶᠠᠷᠤᠯᠲᠠ ᠶᠢᠨ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠵᠢᠷᠤᠮ  ᠪᠠ ᠬᠠᠷᠢᠭᠤᠴᠠᠯᠭ᠎ᠠ  ᠵᠡᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠪᠡᠯᠡ ᠤᠷᠤᠭᠤᠯᠤᠯᠳᠠ ᠶᠢ  ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠬᠦ ᠲᠦᠷᠦᠯ ᠵᠦᠢᠯ ᠤᠨ ᠬᠡᠪᠴᠢᠶ᠎ᠡ ᠪᠠ ᠶᠠᠪᠤᠴᠠ ᠶᠢ ᠲᠣᠳᠣᠷᠬᠠᠶᠢᠯᠠᠨ᠂ ᠵᠠᠰᠠᠭ  ᠤᠨ ᠣᠷᠳᠣᠨ ᠤ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ᠂ ᠬᠢᠨᠠᠨ ᠵᠥᠪᠰᠢᠶᠡᠷᠡᠬᠦ ᠵᠢᠷᠤᠮ᠂ ᠲᠥᠯᠥᠪᠯᠡᠭᠡ ᠨᠠᠶᠢᠷᠠᠭᠤᠯᠤᠨ ᠲᠣᠭᠲᠠᠭᠠᠬᠤ ᠵᠡᠷᠭᠡ ᠶᠠᠪᠤᠳᠠᠯ ᠢ ᠨᠠᠷᠢᠯᠢᠭᠵᠢᠭᠤᠯᠵᠤ᠂ ᠴᠢᠭᠯᠡᠭᠦᠯᠦᠯᠲᠦ  ᠴᠢᠨᠠᠷ  ᠪᠠ ᠦᠢᠯᠡᠳᠦᠯᠭᠡᠵᠢᠭᠦᠯᠬᠦ ᠴᠢᠨᠠᠷ ᠢ ᠦᠨᠡᠨ ᠬᠦ  ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号