︽︿ᠨᠢᠭᠡ ᠪᠦᠰᠡ ᠨᠢᠭᠡ ᠵᠠᠮ﹀·ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠵᠠᠭᠤᠴᠢᠯᠠᠭᠤᠷ ᠤᠨ ᠠᠶᠠᠯᠠᠯ︾ ᠰᠣᠷᠪᠤᠯᠵᠢᠯᠠᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/11/10
     ᠨᠠᠶᠢᠷᠠᠭᠤᠯᠤᠭᠴᠢ ᠶᠢᠨ ᠦᠭᠡ᠄      ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠶ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠣᠶ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠴᠢᠬᠤᠯᠠ ᠴᠠᠭ ᠬᠤᠭᠤᠴᠠᠭ᠎ᠠ᠂ ᠴᠢᠬᠤᠯᠠ ᠲᠡᠦᠬᠡᠨ ᠴᠠᠭ ᠮᠥᠴᠡ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽︿ᠨᠢᠭᠡ ᠪᠦᠰᠡ ᠨᠢᠭᠡ ᠵᠠᠮ﹀ ·ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠵᠠᠭᠤᠴᠢᠯᠠᠭᠤᠷ ᠤᠨ ᠠᠶᠠᠯᠠᠯ︾ ᠰᠣᠷᠪᠤᠯᠵᠢᠯᠠᠭ᠎ᠠ ᠶᠢᠨ ᠠᠵᠢᠯᠯᠠᠭ᠎ᠠ 11 ᠰᠠᠷ᠎ᠠ ᠶᠢᠨ 8 ᠤ ᠡᠳᠦᠷ ᠵᠢᠩᠬᠢᠨᠢ ᠪᠠᠷ ᠡᠬᠢᠯᠡᠪᠡ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠬᠠᠮᠢᠶ᠎ᠠ ᠪᠦᠬᠦᠢ ᠲᠤᠰᠬᠠᠢ ᠪᠤᠯᠤᠩ᠂ ᠲᠤᠰᠬᠠᠢ ᠰᠡᠳᠦᠪ᠂ ᠶᠠᠷᠢᠯᠴᠠᠭᠠᠨ ᠤ ᠰᠡᠳᠦᠪ ᠲᠣᠬᠢᠷᠠᠭᠤᠯᠵᠤ᠂ ᠪᠦᠭᠦ ᠶᠠᠪᠤᠴᠠ᠂ ᠪᠦᠷᠢᠨ ᠵᠠᠭᠤᠴᠢᠯᠠᠭᠤᠷ᠂ ᠪᠦᠭᠦ ᠦᠵᠡᠭᠳᠡᠯᠲᠦ ᠭᠡᠯᠪᠡᠷᠢ  ᠪᠠᠷ ᠮᠡᠳᠡᠭᠡᠯᠡᠬᠦ ᠪᠠᠷ ᠪᠤᠢ᠂ ᠠᠩᠬᠠᠷᠤᠯ ᠢᠶᠠᠨ ᠬᠠᠨᠳᠤᠭᠤᠯᠤᠮᠤ᠃      11 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽︿ᠨᠢᠭᠡ ᠪᠦᠰᠡ ᠨᠢᠭᠡ ᠵᠠᠮ﹀·ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠵᠠᠭᠤᠴᠢᠯᠠᠭᠤᠷ ᠤᠨ ᠠᠶᠠᠯᠠᠯ︾ ᠰᠣᠷᠪᠤᠯᠵᠢᠯᠠᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃      ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠰᠣᠷᠪᠤᠯᠵᠢᠯᠠᠭ᠎ᠠ ᠶᠢᠨ ᠠᠵᠢᠯᠯᠠᠭ᠎ᠠ ᠨᠢ︽ᠠᠷᠠᠳ ᠤᠨ ᠡᠳᠦᠷ ᠤᠨ ᠰᠣᠨᠢᠨ︾᠂ ︽ᠯᠠᠪᠯᠠᠯᠲᠠ ᠶᠢᠨ ᠮᠡᠳᠡᠭᠡ︾᠂ ︽ᠪᠥᠮᠪᠥᠷᠴᠡᠭ ᠴᠠᠭ ᠰᠣᠨᠢᠨ︾᠂ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ ᠵᠡᠷᠭᠡ ᠲᠥᠪ ᠤᠨ ᠵᠠᠭᠤᠴᠢᠯᠠᠭᠤᠷ ᠵᠢᠴᠢ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠦᠢᠯᠡᠳᠦᠯᠭᠡ ᠰᠡᠳᠬᠦᠯ ᠤᠨ ᠬᠤᠷᠢᠶ᠎ᠠ ᠵᠡᠷᠭᠡ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ 40 ᠭᠠᠷᠤᠢ ᠰᠤᠷᠪᠤᠯᠵᠢᠯᠠᠬᠴᠢ ᠶᠢ ᠵᠡᠭᠦᠨ ᠪᠠᠷᠠᠭᠤᠨ ᠬᠤᠶᠠᠷ ᠵᠠᠮ ᠬᠤᠪᠢᠶᠠᠵᠤ᠂ ᠮᠠᠨᠵᠤᠤᠷ᠂ ᠡᠷᠢᠶᠡᠨ ᠬᠤᠳᠠ ᠵᠡᠷᠭᠡ ᠬᠠᠮᠤᠭ ᠤᠨ ᠲᠥᠯᠥᠭᠡᠯᠡᠬᠦ ᠴᠢᠨᠠᠷᠲᠠᠢ 9 ᠬᠢᠯᠢ ᠶᠢᠨ ᠪᠣᠭᠤᠮᠲᠠ ᠪᠠᠷ ᠰᠤᠷᠪᠤᠯᠵᠢᠯᠠᠵᠤ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠳᠠᠭᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠵᠤ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠰᠠᠨ ᠢ ᠮᠦᠷᠳᠡᠨ ᠲᠡᠮᠳᠡᠭᠯᠡᠵᠦ᠂ ᠪᠦᠭᠦ ᠬᠠᠷᠠᠭᠠᠰᠤ ᠠᠴᠠ ᠳᠡᠯᠭᠡᠨ ᠦᠵᠡᠭᠦᠯᠤᠨ᠎ᠠ︔  ᠪᠦᠭᠦ ᠣᠷᠣᠨ ᠢᠶᠠᠷ ᠢᠶᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠬᠤᠣᠰ ᠣᠷᠴᠢᠯ ᠳᠤ ᠦᠢᠯᠡᠴᠢᠯᠡᠵᠦ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠢᠳᠡᠪᠬᠢᠲᠡᠢ ᠰᠦᠪᠡᠭᠴᠢᠯᠡᠯᠲᠡ ᠪᠠ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠤᠬᠠᠭᠤᠯᠤᠨ ᠮᠡᠳᠡᠭᠡᠯᠡᠨ᠎ᠡ︔   ᠥᠪᠥᠷ ᠮᠣᠩᠭᠤᠯ ᠤᠨ ︽ᠭᠠᠷᠴᠤ ᠶᠠᠪᠤᠬᠤ︾ ᠭᠤᠣᠯᠳᠠᠯᠭ᠎ᠠ ᠲᠠᠢ ᠠᠵᠤ ᠠᠬᠤᠶᠢᠯᠠᠯ ᠪᠠ ᠣᠨᠴᠠᠯᠢᠭᠲᠤ ᠦᠢᠯᠡᠳᠬᠦᠨ ᠢ ᠢᠳᠡᠪᠬᠢᠲᠡᠢ ᠪᠠᠷ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠤᠷᠤᠯᠴᠠᠬᠰᠡᠨ ᠦᠢᠯᠡᠰ ᠪᠣᠰᠬᠠᠭᠴᠢᠳ ᠤᠨ ᠥᠯᠢᠭᠡᠷ ᠵᠢᠴᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠ ᠰᠣᠯᠢᠯᠴᠠᠭ᠎ᠠ ᠬᠤᠷᠰᠢᠯᠴᠠᠭ᠎ᠠ ᠶᠢ ᠰᠠᠶᠢᠲᠤᠷ ᠬᠦᠦᠷᠨᠢᠵᠦ᠂ ᠥᠪᠥᠷ ᠮᠣᠩᠭᠤᠯ ᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠠᠬᠢᠴᠠ ᠶᠢᠨ ᠦᠷ᠎ᠡ ᠪᠦᠲᠦᠮᠵᠢ ᠪᠠ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠤᠭᠰᠠᠨ ᠰᠠᠶᠢᠨ ᠰᠠᠶᠢᠬᠠᠨ ᠳᠦᠷᠢ ᠲᠥᠷᠬᠦ ᠶᠢ ᠪᠦᠭᠦ ᠲᠠᠯ᠎ᠠ ᠪᠠᠷ ᠳᠡᠯᠭᠡᠨ ᠦᠵᠡᠭᠦᠯᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号