ᠳᠡᠯᠡᠬᠡᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠣᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ | 2023 ᠣᠨ ᠤ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠵᠢᠭᠠᠯᠲᠠ ᠲᠤᠭ᠎ᠠ ︵GII 2023︶ ᠶᠢᠨ ᠨᠡᠷᠡᠰ ᠲᠤ | ᠮᠠᠨ ᠤ ᠤᠯᠤᠰ 12 ᠳ᠋ᠤᠭᠠᠷ ᠲᠤ ᠵᠢᠭᠰᠠᠭᠠᠭᠳᠠᠵᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠪᠦᠯᠦᠭᠵᠢᠯ ᠳᠠᠬᠢ ᠡᠵᠡᠯᠡᠬᠦ ᠲᠤᠭ᠎ᠠ ᠠᠩᠬ᠎ᠠ ᠤᠳᠠᠭ᠎ᠠ | ᠳᠡᠯᠡᠬᠡᠢ ᠶᠢᠨ ᠨᠢᠭᠡᠳᠦᠭᠡᠷ ᠲᠤ ᠣᠷᠣᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠮᠣ ᠤᠯᠤᠰ ᠤᠨ ᠪᠠᠶᠢᠷᠢ | ᠰᠠᠭᠤᠷᠢ ᠪᠠᠲᠤ ᠲᠣᠭᠲᠠᠪᠤᠷᠢᠵᠢᠪᠠ᠃ ᠡᠭᠦᠨ ᠢ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ | ᠲᠣᠪᠴᠢᠶ᠎ᠠ ᠶᠢᠨ ᠳᠠᠷᠤᠭ᠎ᠠ ᠱᠧᠨ ᠴᠠᠩ ᠢᠦᠢ 8 ᠤ ᠡᠳᠦᠷ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ | ᠶᠢᠨ ᠲᠥᠷᠥ ᠶᠢᠨ ᠪᠣᠳᠣᠯᠭ᠎ᠠ ᠶᠢᠨ ᠪᠠᠶᠢᠳᠠᠯ ᠮᠡᠳᠡᠭᠳᠡᠬᠦ ᠬᠤᠷᠠᠯ ᠳᠡᠭᠡᠷ᠎ᠡ ᠮᠡᠳᠡᠭᠳᠡᠵᠡᠢ᠃ | ᠱᠧᠨ ᠴᠠᠩ ᠢᠦᠢ᠂ 2023 ᠣᠨ ᠤ 9 ᠰᠠᠷ᠎ᠠ ᠪᠤᠯᠲᠠᠯ᠎ᠠ᠂ ᠮᠠᠨ ᠤ ᠤᠯᠤᠰ ᠤᠨ ᠬᠦᠴᠦᠨ ᠪᠦᠬᠦᠢ | ᠡᠭᠦᠳᠦᠯᠲᠡ ᠶᠢᠨ ᠲᠤᠰᠬᠠᠢ ᠠᠰᠢᠭ ᠪᠠ ᠲᠠᠸᠠᠷ ᠤᠨ ᠲᠡᠮᠳᠡᠭ ᠤᠨ ᠲᠤᠭ᠎ᠠ ᠬᠡᠮᠵᠢᠶ᠎ᠡ ᠲᠣᠰ ᠲᠣᠰ 480.5 ᠲᠦᠮᠡ᠂ | 4512.2 ᠲᠦᠮᠡ ᠳᠤ ᠬᠦᠷᠴᠦ᠂ 2022 ᠣᠨ ᠤ ᠵᠣᠬᠢᠶᠠᠯ ᠪᠦᠲᠦᠭᠡᠯ ᠤᠨ ᠡᠷᠬᠡ ᠶᠢᠨ ᠣᠨ ᠤ | ᠳᠠᠩᠰᠠᠯᠠᠯᠲᠠ ᠶᠢᠨ ᠬᠡᠮᠵᠢᠶ᠎ᠡ 635.3 ᠲᠦᠮᠡ ᠳᠤ ᠬᠦᠷᠴᠡᠢ᠃ PCT ᠣᠯᠠᠨ ᠤᠯᠤᠰ ᠤᠨ ᠲᠤᠰᠬᠠᠢ ᠠᠰᠢᠭ | ᠭᠤᠶᠤᠴᠢᠯᠠᠭᠰᠠᠨ ᠬᠡᠮᠵᠢᠶ᠎ᠡ 4 ᠵᠢᠯ ᠳᠠᠷᠠᠭᠠᠯᠠᠨ ᠳᠡᠯᠡᠬᠡᠢ ᠳᠤ ᠲᠡᠷᠢᠭᠦᠯᠡᠪᠡ ᠭᠡᠵᠦ ᠲᠠᠨᠢᠯᠴᠠᠭᠤᠯᠵᠠᠢ᠃ | ᠡᠭᠦᠨ ᠤ ᠬᠠᠮᠲᠤ᠂ ᠮᠠᠨ ᠤ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠣᠨᠳᠣᠣᠰᠢᠭᠤᠯᠤᠨ ᠬᠡᠷᠡᠭᠯᠡᠬᠦ | ᠠᠵᠢᠯ ᠴᠤ ᠦᠷᠭᠦᠯᠵᠢᠯᠡᠨ ᠴᠢᠩᠭᠠᠷᠠᠪᠠ᠃ ︽︿ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠲᠤᠰᠬᠠᠢ | ᠠᠵᠢᠯᠯᠠᠭ᠎ᠠ ᠶᠢᠨ ᠲᠥᠰᠥᠯ ︵2023-2025 ᠣᠨ︶﹀ ᠢ ᠲᠣᠭᠲᠠᠭᠠᠨ ᠬᠡᠷᠡᠭᠵᠢᠭᠦᠯᠵᠦ᠂ ᠲᠤᠰᠬᠠᠢ ᠠᠰᠢᠭ ᠤᠨ | ᠨᠡᠭᠡᠭᠡᠯᠲᠡ ᠬᠢᠬᠦ ᠵᠥᠪᠰᠢᠶᠡᠷᠡᠯ ᠵᠡᠷᠭᠡ ᠳᠦᠷᠢᠮ ᠢ ᠲᠦᠷᠭᠡᠳᠬᠡᠨ ᠨᠠᠶᠢᠳᠠᠪᠤᠷᠢᠵᠢᠭᠤᠯᠪᠠ︾᠂ ᠱᠧᠨ ᠴᠠᠩ ᠢᠦᠢ᠂ | ᠲᠤᠰᠬᠠᠢ ᠠᠰᠢᠭ ᠲᠥᠪᠯᠡᠷᠡᠭᠰᠡᠨ ᠭᠡᠯᠪᠡᠷᠢ ᠶᠢᠨ ᠠᠵᠤ ᠦᠢᠯᠡᠰ ᠪᠠ ᠬᠡᠪᠯᠡᠯ ᠤᠨ ᠡᠷᠬᠡ ᠶᠢᠨ ᠠᠵᠤ ᠦᠢᠯᠡᠰ ᠤᠨ | ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠨᠢ ᠲᠣᠰ ᠲᠣᠰ 12.44%᠂ 7.41% ᠳᠤ | ᠬᠦᠷᠴᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠪᠠ ᠭᠡᠵᠡᠢ᠃ | ᠱᠧᠨ ᠴᠠᠩ ᠢᠦᠢ᠂ ᠲᠠᠷᠠᠭᠠᠴᠢ ᠶᠢᠨ ᠠᠯᠬᠤᠮ ᠳᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠴᠦᠷᠬᠡᠭ | ᠤᠯᠤᠰ ᠢ ᠴᠢᠨᠠᠭᠰᠢᠳᠠ ᠲᠦᠷᠭᠡᠳᠬᠡᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ | ᠬᠥᠭᠵᠢᠯᠲᠡ ᠳᠤ ᠨᠠᠩ ᠰᠠᠶᠢᠲᠤᠷ ᠦᠢᠯᠡᠴᠢᠯᠡᠨ᠎ᠡ ᠭᠡᠵᠦ ᠢᠯᠡᠳᠬᠡᠪᠡ᠃ | |