ᠦᠬᠡᠷ ᠲᠡᠵᠢᠭᠡᠬᠦ ᠦᠢᠯᠡᠰ ᠢ ᠶᠡᠭᠡ ᠪᠠᠷ ᠬᠥᠭᠵᠢᠭᠦᠯᠵᠦ ᠠᠷᠠᠳ ᠤᠯᠠᠨ ᠢᠶᠠᠨ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2023/11/10
     11 ᠰᠠᠷ᠎ᠠ ᠶᠢᠨ 4 ᠤ ᠡᠳᠦᠷ᠂ ᠲᠦᠩᠯᠢᠶᠣᠣ ᠬᠤᠳᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠪᠠᠯᠭᠠᠰᠤ ᠶᠢᠨ ᠰᠢᠷᠠᠯᠳᠠᠢ ᠭᠠᠴᠠᠭᠠᠨ ᠤ ᠮᠠᠯ ᠤᠨ ᠡᠮᠴᠢ ᠪᠦᠭᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠬᠦᠷᠬᠦ ᠳᠤ ᠡᠭᠦᠯᠳᠡᠷ ᠰᠠᠶᠢᠵᠢᠷᠠᠭᠤᠯᠤᠭᠰᠠᠨ ᠲᠠᠷᠭᠤ ᠰᠠᠶᠢᠲᠠᠢ ᠦᠬᠡᠷ ᠤᠳ ᠡᠭᠡᠪᠦᠷ ᠭᠠᠵᠠᠷ ᠵᠠᠷᠢᠮ ᠨᠢ ᠨᠢᠷᠤᠭᠤ ᠪᠠᠨ ᠲᠡᠨᠢᠢᠯᠭᠡᠨ ᠵᠣᠭᠰᠣᠵᠤ᠂ ᠵᠠᠷᠢᠮ ᠨᠢ ᠲᠤᠬᠠᠲᠠᠢ ᠬᠡᠪᠢᠵᠦ ᠬᠡᠪᠲᠡᠨ᠎ᠡ᠃      ᠮᠠᠯᠵᠢᠯ ᠤᠨ ᠲᠠᠯᠠᠪᠠᠶ ᠶᠢᠨ ᠡᠵᠡᠨ ᠪᠥᠬᠡᠪᠠᠶᠠᠷ ᠪᠣᠯ ᠲᠣᠰᠬᠤᠨ ᠤ ᠪᠠᠨ ᠨᠠᠷᠠᠲᠠᠢ ᠮᠠᠯ ᠤᠨ ᠡᠮᠴᠢ᠂ ᠪᠠᠰᠠ ᠴᠦ ᠦᠬᠡᠷ ᠤᠨ ᠡᠭᠦᠯᠳᠡᠷ ᠢ ᠰᠠᠶᠢᠵᠢᠷᠠᠭᠤᠯᠤᠭᠰᠠᠨ ᠮᠡᠷᠭᠡᠵᠢᠯᠲᠡᠨ ᠶᠤᠮ᠃ ᠲᠡᠷᠡ 1998 ᠣᠨ ᠠᠴᠠ ᠡᠬᠢᠯᠡᠨ ᠨᠤᠲᠤᠭ ᠤᠨ ᠡᠭᠦᠯᠳᠡᠷ ᠤᠨ ᠦᠬᠡᠷ ᠲᠤ ᠨᠠᠷᠢᠨ ᠨᠢᠭᠲᠠ ᠤᠳᠤᠮ ᠤᠭᠰᠠᠭ᠎ᠠ ᠶᠢᠨ ᠲᠡᠮᠳᠡᠭᠯᠡᠯ ᠬᠢᠵᠦ᠂ ᠠᠳᠠᠯᠢ ᠪᠤᠰᠤ ᠤᠳᠤᠮ ᠤᠭᠰᠠᠭ᠎ᠠ ᠶᠢᠨ ᠦᠬᠡᠷ ᠤᠨ ᠢᠴᠡᠭᠡᠯ ᠦᠷ᠎ᠡ ᠶᠢ ᠠᠰᠢᠭᠯᠠᠨ ᠮᠠᠯ ᠰᠦᠷᠦᠭ ᠤᠨ ᠡᠭᠦᠯᠳᠡᠷ ᠢ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ ᠮᠢᠬ᠎ᠠ ᠰᠦ ᠶᠢᠨ ᠬᠤᠣᠰ ᠬᠡᠷᠡᠭᠴᠡᠭᠡᠲᠦ ᠰᠢᠯᠢᠳᠡᠭ ᠡᠭᠦᠯᠳᠡᠷ ᠤᠨ ᠦᠬᠡᠷ ᠢ ᠪᠣᠶᠢᠵᠢᠭᠤᠯᠤᠨ ᠭᠠᠷᠭᠠᠪᠠ᠃ ᠡᠭᠦᠨ ᠳᠤ ᠣᠨᠴᠠ ᠵᠠᠷᠢᠮ ᠦᠬᠡᠷ ᠤᠨ ᠬᠢᠨᠢ ᠪᠣᠷᠤᠯᠠᠭᠤᠯᠭ᠎ᠠ ᠶᠢᠨ ᠦᠨ᠎ᠡ ᠨᠢ 20 ᠲᠦᠮᠡᠨ ᠲᠥᠭᠦᠷᠢᠭ ᠢ ᠳᠠᠪᠠᠭᠰᠠᠨ ᠠᠵᠢ᠃      ᠡᠨᠡ ᠵᠢᠯ ᠤᠨ 6 ᠰᠠᠷ᠎ᠠ ᠳᠤ᠂ ᠪᠥᠬᠡᠪᠠᠶᠠᠷ ᠤᠨ ᠲᠡᠵᠢᠭᠡᠭᠰᠡᠨ ᠦᠨᠢᠶ᠎ᠡ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ᠦᠬᠡᠷ ᠤᠨ ᠡᠭᠦᠯᠳᠡᠷ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠳᠤ ᠰᠠᠭᠠᠯᠢ ᠶᠢᠨ ᠦᠨᠢᠶᠡᠨ ᠤ ᠨᠢᠭᠡᠳᠦᠭᠡᠷ ᠳᠡᠰ ᠤᠨ ᠱᠠᠩᠨᠠᠯ ᠢ ᠭᠦᠷᠳᠡᠪᠡ᠃ ︽ᠲᠤᠭᠤᠯᠯᠠᠭᠠᠳᠤᠢ ᠪᠠᠶᠢᠬᠤ ᠳᠤᠨᠢ ᠣᠷᠣᠨ ᠤ ᠳᠣᠲᠣᠨ᠎ᠠ ᠭᠠᠳᠠᠨᠠᠬᠢ ᠬᠤᠳᠠᠯᠳᠤᠭᠠᠴᠢᠳ ᠡᠷᠲᠡ ᠠᠴᠠ ᠲᠤᠭᠤᠯ ᠢ ᠨᠢ ᠵᠠᠬᠢᠶᠠᠯᠠᠴᠢᠬᠠᠳᠠᠭ᠂ ᠤᠯᠠᠨ ᠤᠳᠠᠭ᠎ᠠ ᠵᠠᠬᠢᠶᠠᠯᠠᠭ᠎ᠠ ᠲᠤᠰᠴᠤ ᠤᠳᠤ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠵᠠᠢ︾ ᠭᠡᠵᠦ ᠪᠥᠬᠡᠪᠠᠶᠠᠷ ᠶᠠᠷᠢᠵᠤ ᠪᠠᠶᠢᠯ᠎ᠠ᠃      ᠣᠯᠠᠨ ᠵᠢᠯ ᠤᠨ ᠲᠤᠷᠰᠢ᠂ ᠪᠥᠬᠡᠪᠠᠶᠠᠷ ᠰᠠᠶᠢᠨ ᠳᠤᠷ᠎ᠠ ᠠᠴᠠ ᠪᠠᠨ ᠭᠠᠴᠠᠭᠠᠨ ᠤ ᠪᠠᠨ ᠮᠠᠯᠴᠢᠳ ᠲᠤ ᠦᠬᠡᠷ  ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠳᠡᠯᠭᠡᠷᠡᠭᠦᠯᠵᠦ᠂ ᠬᠡᠭᠡᠯᠲᠦᠭᠦᠯᠭᠡ ᠶᠢᠨ ᠠᠵᠢᠯ ᠳᠤᠨᠢ ᠲᠤᠰᠠ ᠲᠡᠮ ᠦᠵᠡᠭᠦᠯᠵᠦ᠂ ᠡᠳᠦᠷ ᠲᠤᠲᠤᠮ ᠤᠨ ᠲᠡᠵᠢᠭᠡᠨ ᠦᠷᠡᠵᠢᠭᠦᠯᠬᠦ ᠰᠢᠰᠲ᠋ᠧᠮ ᠤᠨ ᠪᠠᠶᠢᠳᠠᠯ ᠢ ᠲᠡᠮᠳᠡᠭᠯᠡᠵᠦ ᠢᠷᠡᠭᠰᠡᠨ ᠢᠶᠠᠷ ︽ᠦᠬᠡᠷ ᠤᠨ ᠡᠪᠡᠳᠴᠢᠨ ᠤ ᠲᠡᠮᠳᠡᠭᠯᠡᠯ︾ ᠨᠢ 10 ᠭᠠᠷᠤᠢ ᠳᠡᠪᠲᠡᠷ ᠪᠣᠯᠵᠤ᠂ ᠴᠥᠭᠡᠨ ᠪᠤᠰᠤ ᠮᠠᠯᠵᠢᠬᠤ ᠡᠷᠦᠭᠡ ᠳᠤ ᠠᠰᠢᠭ ᠬᠦᠷᠲᠡᠭᠡᠭᠰᠡᠨ ᠪᠠᠶᠢᠨ᠎ᠠ᠃ ᠪᠥᠬᠡᠪᠠᠶᠠᠷ ᠤᠨ ᠳᠠᠶᠢᠴᠢᠯᠠᠯᠭ᠎ᠠ ᠪᠠᠷ ᠡᠷᠭᠢᠨ ᠲᠣᠭᠤᠷᠢᠨ ᠤ 15 ᠮᠠᠯᠵᠢᠬᠤ ᠡᠷᠤᠭᠡ ᠲᠡᠵᠢᠭᠡᠨ ᠦᠷᠡᠵᠢᠭᠦᠯᠬᠦ ᠦᠢᠯᠡᠰ ᠢ ᠡᠬᠢᠯᠡᠨ ᠬᠥᠭᠵᠢᠭᠦᠯᠵᠦ᠂ ᠤᠳᠤ 100 ᠭᠠᠷᠤᠢ ᠦᠬᠡᠷ ᠲᠡᠵᠢᠭᠡᠵᠦ ᠪᠠᠶᠢᠨ᠎ᠠ᠃      2021 ᠣᠨ ᠤ 8 ᠰᠠᠷ᠎ᠠ ᠳᠤ᠂ ᠣᠷᠣᠨ ᠨᠤᠲᠤᠭ ᠤᠨ ᠢᠶᠠᠨ ᠰᠦ ᠶᠢᠨ ᠦᠢᠯᠡᠰ ᠢ ᠬᠥᠭᠵᠢᠭᠦᠯᠬᠦ ᠲᠥᠷᠥ  ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠪᠥᠬᠡᠪᠠᠶᠠᠷ ᠥᠪᠡᠷ ᠤᠨ ᠮᠠᠯᠵᠢᠯ ᠤᠨ ᠲᠠᠯᠠᠪᠠᠶ ᠳᠠᠭᠠᠨ ᠰᠦ ᠰᠠᠭᠠᠬᠤ ᠥᠷᠲᠡᠭᠡ ᠪᠠ ᠴᠠᠭᠠᠨ ᠢᠳᠡᠭᠡ ᠪᠤᠯᠪᠠᠰᠤᠷᠠᠭᠤᠯᠬᠤ ᠦᠢᠯᠡᠳᠪᠦᠷᠢ ᠪᠠᠶᠢᠭᠤᠯᠵᠤ᠂ ᠡᠪᠡᠰᠦ ᠪᠣᠷᠳᠤᠭ᠎ᠠ ᠳᠠᠷᠢᠬᠤ᠂ ᠰᠠᠶᠢᠨ ᠡᠭᠦᠯᠳᠡᠷ ᠤᠨ ᠦᠬᠡᠷ ᠪᠣᠶᠢᠵᠢᠭᠤᠯᠬᠤ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠴᠠᠭᠠᠨ ᠢᠳᠡᠭᠡ ᠪᠤᠯᠪᠠᠰᠤᠷᠠᠭᠤᠯᠵᠤ ᠪᠣᠷᠣᠯᠠᠭᠤᠯᠬᠤ ᠪᠦᠭᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠵᠢᠯ ᠤᠨ ᠣᠷᠣᠯᠭ᠎ᠠ  ᠨᠢ 100 ᠲᠦᠮᠡᠨ ᠲᠥᠭᠦᠷᠢᠭ ᠢ ᠳᠠᠪᠠᠵᠤ ᠪᠤᠢ᠃      ︽ᠪᠢ ᠰᠡᠭᠦᠯᠡᠷ ᠦᠬᠡᠷ ᠢᠶᠠᠨ ᠦᠷᠭᠦᠯᠵᠢᠯᠡᠨ ᠨᠢᠮᠪᠠᠢ ᠠᠷᠠᠴᠢᠯᠠᠨ ᠳᠣᠳᠣᠮᠳᠠᠵᠤ᠂ ᠡᠭᠦᠯᠳᠡᠷ ᠰᠠᠶᠢᠵᠢᠷᠠᠭᠤᠯᠬᠤ ᠪᠠ ᠠᠷᠠᠴᠢᠯᠠᠨ ᠲᠡᠵᠢᠭᠡᠬᠦ ᠬᠠᠮᠢᠶᠠᠷᠤᠯᠲᠠ ᠪᠠᠨ ᠤᠯᠠᠮ ᠴᠢᠩᠭᠠᠳᠬᠠᠨ᠂ ᠴᠠᠭᠠᠨ ᠢᠳᠡᠭᠡ  ᠪᠤᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠤᠨ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠨᠤᠲᠤᠭ ᠤᠨ ᠠᠬ᠎ᠠ ᠳᠡᠭᠦᠦ ᠨᠠᠷ ᠢᠶᠠᠨ ᠳᠠᠶᠢᠴᠢᠯᠠᠨ ᠦᠬᠡᠷ ᠲᠡᠵᠢᠭᠡᠬᠦ ᠶᠢ ᠰᠤᠷᠤᠯᠴᠠᠭᠤᠯᠵᠤ᠂ ᠦᠬᠡᠷ ᠲᠡᠵᠢᠭᠡᠬᠦ ᠦᠷ᠎ᠡ ᠠᠰᠢᠭ ᠢ ᠤᠯᠠᠮ ᠨᠡᠮᠡᠭᠳᠡᠭᠦᠯᠦᠨ᠎ᠡ︾ ᠭᠡᠵᠦ ᠢᠷᠡᠭᠡᠳᠦᠢ ᠶᠢᠨ ᠲᠥᠯᠥᠪᠯᠡᠭᠡ ᠪᠠᠨ ᠶᠠᠷᠢᠬᠤ ᠳᠠᠭᠠᠨ ᠪᠥᠬᠡᠪᠠᠶᠠᠷ ᠢᠲᠡᠭᠡᠯ ᠳᠦᠭᠦᠷᠡᠩ ᠪᠠᠶᠢᠯ᠎ᠠ᠃      ᠲᠦᠩᠯᠢᠶᠣᠣ ᠬᠤᠳᠠ ᠳᠡᠯᠡᠬᠡᠢ ᠶᠢᠨ ᠰᠢᠵᠢᠷ ᠠᠯᠳᠠᠨ ᠮᠠᠯᠵᠢᠯ ᠤᠨ ᠪᠦᠰᠡ ᠳᠤ ᠪᠠᠶᠢᠷᠢᠯᠠᠵᠤ᠂ ᠦᠬᠡᠷ ᠲᠡᠵᠢᠭᠡᠭᠰᠡᠨ ᠥᠨᠢ ᠤᠳᠠᠭᠠᠨ ᠲᠡᠦᠬᠡ ᠲᠠᠢ ᠶᠤᠮ᠃ ᠳᠡᠭᠡᠷ᠎ᠡ ᠵᠠᠭᠤᠨ ᠤ ᠲᠠᠪᠢᠭᠠᠳ ᠣᠨ ᠠᠴᠠ ᠡᠬᠢᠯᠡᠨ᠂  ᠲᠦᠩᠯᠢᠶᠣᠣ ᠬᠤᠳᠠ ᠭᠠᠳᠠᠭᠠᠳᠤ ᠠᠴᠠ ᠣᠷᠣᠭᠤᠯᠤᠭᠰᠠᠨ ᠰᠢᠮᠧᠨ᠋ᠳᠡᠷ ᠦᠬᠡᠷ ᠢᠶᠠᠷ ᠦᠷ᠎ᠡ ᠶᠢᠨ ᠮᠠᠯ ᠪᠤᠯᠭᠠᠵᠤ᠂ ᠮᠣᠩᠭᠤᠯ ᠦᠬᠡᠷ ᠪᠠ ᠭᠤᠷᠪᠠᠨ ᠭᠤᠣᠯ ᠤᠨ ᠦᠬᠡᠷ ᠵᠢᠴᠢ ᠮᠣᠩᠭᠤᠯ ᠦᠬᠡᠷ ᠲᠠᠢ ᠡᠷᠯᠢᠰᠡᠵᠢᠭᠦᠯᠦᠭᠰᠡᠨ ᠦᠬᠡᠷ ᠢᠶᠠᠷ ᠡᠬᠡ ᠮᠠᠯ ᠪᠣᠯᠭᠠᠨ ᠡᠭᠦᠯᠳᠡᠷ ᠰᠠᠶᠢᠵᠢᠷᠠᠭᠤᠯᠵᠤ᠂ ᠬᠥᠭᠵᠢᠯᠲᠡ ᠶᠢᠨ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠦᠩᠯᠢᠶᠣᠣ ᠬᠤᠲᠠ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠢᠬᠠᠨ ᠤ ᠦᠬᠡᠷ ᠤᠨ ᠠᠵᠤ ᠦᠢᠯᠡᠰ ᠢ ᠪᠦᠭᠦ ᠬᠤᠲᠠ ᠶᠢᠨ ᠭᠤᠣᠯᠯᠠᠬᠤ ᠠᠵᠤ ᠦᠢᠯᠡᠰ᠂ ᠠᠷᠠᠳ ᠢ ᠪᠠᠶᠠᠵᠢᠭᠤᠯᠬᠤ ᠠᠵᠤ ᠦᠢᠯᠡᠰ ᠪᠣᠯᠭᠠᠨ ᠠᠳᠬᠤᠬᠤ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠭᠦ ᠬᠤᠲᠠ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠨᠠᠷᠢᠨ ᠬᠢᠨᠠᠮᠠᠭᠠᠢ ᠰᠤᠳᠤᠯᠤᠨ ᠰᠢᠰᠲ᠋ᠧᠮ ᠲᠠᠢ ᠲᠥᠯᠥᠪᠯᠡᠵᠦ᠂ ᠤᠷᠢᠳ ᠬᠤᠵᠢᠳ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠯᠤᠭᠤᠳᠬᠤ ᠰᠠᠨᠠᠯ᠂ ᠠᠵᠢᠯᠯᠠᠭᠠᠨ ᠤ ᠲᠥᠯᠥᠪᠯᠡᠭᠡ ᠪᠠ ᠠᠵᠢᠯ ᠤᠨ ᠲᠥᠰᠥᠯ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ᠂  ᠦᠷ᠎ᠡ ᠡᠳ᠋ ᠤᠨ ᠡᠬᠢ ᠪᠠᠶᠠᠯᠢᠭ ᠢ ᠪᠣᠶᠢᠵᠢᠭᠤᠯᠬᠤ᠂ ᠭᠤᠣᠯ ᠪᠤᠯᠬᠤ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠳᠡ ᠪᠠᠨ ᠨᠡᠮᠡᠭᠳᠡᠭᠦᠯᠬᠦ ᠶᠢ ᠴᠢᠩᠭᠠᠳᠬᠠᠨ᠂ ᠮᠢᠬᠠᠨ ᠤ ᠦᠬᠡᠷ ᠤᠨ ᠪᠦᠭᠦ ᠠᠵᠤ ᠦᠢᠯᠡᠰ ᠤᠨ ᠬᠡᠯᠬᠢᠶ᠎ᠡ  ᠶᠢᠨ ᠪᠦᠯᠦᠭᠵᠢᠯ ᠤᠨ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠤᠭᠰᠠᠨ ᠢᠶᠠᠷ ᠮᠢᠬᠠᠨ ᠤ ᠦᠬᠡᠷ ᠤᠨ ᠦᠷ᠎ᠡ ᠡᠳ᠋ ᠤᠨ ᠡᠬᠢ ᠪᠠᠶᠠᠯᠢᠭ᠂ ᠡᠭᠦᠯᠳᠡᠷ ᠰᠠᠶᠢᠵᠢᠷᠠᠭᠤᠯᠤᠯᠲᠠ᠂ ᠲᠡᠵᠢᠭᠡᠨ ᠦᠷᠡᠵᠢᠭᠦᠯᠬᠦ ᠬᠡᠪᠴᠢᠶ᠎ᠡ᠂ ᠠᠷᠠᠯᠵᠢᠶᠠᠯᠠᠬᠤ ᠬᠡᠮᠵᠢᠶ᠎ᠡ᠂ ᠲᠦᠷᠤᠯ ᠲᠡᠮᠳᠡᠭ ᠤᠨ ᠦᠨ᠎ᠡ ᠥᠷᠲᠡᠭ᠂ ᠦᠢᠯᠡᠴᠢᠯᠡᠭᠡᠨ ᠤ ᠰᠢᠰᠲ᠋ᠧᠮ ᠵᠡᠷᠭᠡ ᠵᠢᠷᠭᠤᠭᠠᠨ ᠶᠡᠭᠡ ᠭᠦᠢᠴᠡᠳᠬᠡᠯ ᠲᠤᠭ᠎ᠠ ᠨᠢ ᠴᠥᠮ ᠪᠦᠭᠦ ᠤᠯᠤᠰ ᠤᠨ ᠲᠤᠰᠬᠠᠢ ᠣᠷᠣᠨ ᠤ ᠲᠠᠰ ᠤᠨ ᠬᠤᠲᠠ ᠶᠢᠨ ᠲᠡᠷᠢᠭᠦᠨ ᠳᠤ ᠣᠷᠣᠵᠤ᠂ 106 ᠲᠦᠮᠡᠨ ᠮᠠᠯᠴᠢᠨ ᠲᠠᠷᠢᠶᠠᠴᠢᠨ ᠮᠢᠬᠠᠨ ᠤ ᠦᠬᠡᠷ ᠤᠨ ᠠᠵᠤ ᠦᠢᠯᠡᠰ ᠤᠨ ᠬᠡᠯᠬᠢᠶ᠎ᠡ ᠠᠴᠠ ᠠᠰᠢᠭ ᠬᠦᠷᠲᠡᠵᠦ ᠣᠷᠣᠯᠭ᠎ᠠ ᠪᠠᠨ ᠨᠡᠮᠡᠭᠳᠡᠭᠦᠯᠦᠨ᠂ ᠶᠡᠷᠦᠩᠬᠡᠶᠢᠯᠡᠭᠰᠡᠨ ᠦᠷ᠎ᠡ ᠠᠰᠢᠭ ᠢᠶᠠᠨ ᠦᠷᠭᠦᠯᠵᠢᠯᠡᠨ ᠪᠠᠳᠠᠷᠠᠭᠤᠯᠪᠠ᠃      ᠡᠨᠡ ᠵᠢᠯ ᠤᠨ 8 ᠰᠠᠷ᠎ᠠ ᠳᠤ᠂ ᠲᠦᠩᠯᠢᠶᠣᠣ ᠬᠤᠲᠠ ︽ᠲᠦᠩᠯᠢᠶᠣᠣ ᠶᠢᠨ ︿ᠪᠦᠭᠦ ᠤᠯᠤᠰ ᠤᠨ ᠮᠢᠬᠠᠨ ᠤ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ ᠶᠢ ᠪᠦᠲᠦᠭᠡᠨ ᠪᠠᠶᠢᠭᠤᠯᠬᠤ﹀ ᠴᠠᠭᠠᠨ ᠭᠠᠳᠠᠷᠲᠤ ᠪᠢᠴᠢᠭ︾ ᠢ ᠨᠡᠶᠢᠲᠡᠯᠡᠪᠡ᠃ ᠲᠡᠷᠡ ᠨᠢ ︽ᠪᠦᠭᠦ ᠤᠯᠤᠰ ᠤᠨ ᠮᠢᠬᠠᠨ ᠤ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ︾ ᠶᠢ ᠪᠦᠲᠦᠭᠡᠨ ᠪᠠᠶᠢᠭᠤᠯᠬᠤ ᠡᠬᠢ ᠪᠠᠶᠠᠯᠢᠭ ᠤᠨ ᠳᠠᠪᠠᠭᠤᠯᠢᠭ ᠪᠠ ᠠᠰᠢᠭᠲᠠᠢ ᠨᠥᠬᠦᠴᠡᠯ᠂ ᠥᠷᠨᠢᠭᠦᠨ ᠬᠥᠭᠵᠢᠭᠰᠡᠨ ᠮᠢᠬᠠᠨ ᠤ ᠦᠬᠡᠷ ᠤᠨ ᠪᠦᠭᠦ ᠠᠵᠤ ᠦᠢᠯᠡᠰ ᠤᠨ ᠬᠡᠯᠬᠢᠶ᠎ᠡ᠂ ︽ᠲᠦᠩᠯᠢᠶᠣᠣ ᠶᠢᠨ ᠮᠢᠬᠠᠨ ᠤ ᠦᠬᠡᠷ︾ ᠤᠨ ᠲᠦᠷᠦᠯ ᠲᠡᠮᠳᠡᠭ ᠢ ᠴᠣᠭᠴᠠᠯᠠᠬᠤ ᠵᠢᠴᠢ ᠲᠦᠩᠯᠢᠶᠣᠣ ᠶᠢᠨ ᠮᠢᠬᠠᠨ ᠤ ᠦᠬᠡᠷ ᠤᠨ ᠢᠷᠡᠭᠡᠳᠦᠢ ᠶᠢᠨ ᠲᠤᠬᠠᠢ ᠳᠥᠷᠪᠡᠨ ᠲᠠᠯ᠎ᠠ ᠶᠢᠨ ᠠᠭᠤᠯᠭ᠎ᠠ ᠶᠢ ᠬᠠᠮᠤᠷᠴᠤ᠂ ᠠᠭᠤᠯᠤᠭᠳᠠᠴᠠ ᠪᠠᠷ ᠥᠨᠳᠥᠷ᠂ ᠠᠵᠢᠯᠯᠠᠭᠠᠨ ᠤ ᠴᠢᠨᠠᠷ  ᠢᠶᠠᠷ ᠴᠢᠩᠭ᠎ᠠ ᠪᠠᠶᠢᠵᠤ᠂ ᠪᠦᠭᠦ ᠬᠤᠲᠠ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠯᠠᠪᠯᠠᠯᠲᠠ ᠶᠢᠨ ᠵᠦᠭᠯᠡᠭᠦᠷ ᠬᠠᠩᠭᠠᠨ᠂ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ ᠰᠢᠨ᠎ᠡ ᠠᠮᠢ ᠠᠬᠤᠢ ᠶᠢ ᠪᠤᠶ ᠪᠣᠯᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号