ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2023/11/10
     11 ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠦᠸᠧ ᠯᠠᠨ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠠᠢ᠃      ᠭᠦᠸᠧ ᠯᠠᠨ ᠹᠧᠩ ᠡᠩ ᠲᠡᠷᠢᠭᠦᠨ ᠳᠤ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠭᠤᠣᠯ ᠠᠭᠤᠯᠭ᠎ᠠ ᠶᠢ ᠲᠠᠨᠢᠯᠴᠠᠭᠤᠯᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ ᠴᠢᠬᠤᠯᠠ ᠶᠠᠷᠢᠶ᠎ᠠ ᠲᠠᠯᠪᠢᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠨᠡ ᠵᠢᠯ ᠤᠨ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠥᠪᠥᠷ ᠮᠣᠩᠭᠤᠯ ᠢ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠱᠠᠭᠠᠷᠳᠠᠵᠠᠢ᠂ ᠡᠨᠡ ᠨᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ ᠭᠡᠵᠦ ᠬᠡᠯᠡᠪᠡ᠃      ︽ᠰᠠᠨᠠᠯ︾ ᠳᠤ ᠭᠤᠣᠯᠳᠠᠭᠤ ᠨᠢᠭᠡ ᠭᠤᠣᠯ ᠰᠡᠳᠦᠪ᠂ ᠲᠠᠪᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠬᠤᠶᠠᠷ ᠱᠠᠲᠤ ᠦᠶ᠎ᠡ ᠶᠢᠨ ᠬᠠᠷᠠᠯᠲᠠ᠂ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ ᠢ ᠪᠠᠭᠲᠠᠭᠠᠨ᠎ᠠ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠬᠤ ᠪᠠ ᠮᠥᠷᠳᠡᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠥᠪᠥᠷ ᠮᠣᠩᠭᠤᠯ ᠤᠨ ︽ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠠᠬᠢᠭᠤᠯᠬᠤ ᠪᠣᠯᠣᠨ᠎ᠠ᠃      ᠬᠤᠸᠠᠩ ᡁᠢ ᠴᠢᠶᠠᠩ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠴᠢᠬᠤᠯᠠ᠂ ᠣᠷᠳᠣ ᠬᠤᠭᠤᠴᠠᠭᠠᠨ ᠤ ᠲᠤᠷᠰᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠭᠥᠷᠳᠡᠭᠰᠡᠭᠡᠷ ᠢᠷᠡᠭᠰᠡᠨ ᠶᠤᠮ ᠭᠡᠵᠦ ᠬᠡᠯᠡᠪᠡ᠃ ᠲᠡᠷᠡ ᠥᠪᠥᠷ ᠮᠣᠩᠭᠤᠯ ᠤᠨ ︽ᠬᠤᠶᠠᠷ ᠬᠠᠯᠬᠠᠪᠴᠢ︾᠂︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾  ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠳᠠᠪᠠᠭᠤᠯᠢᠭ᠂ ᠣᠨᠴᠠᠯᠢᠭ ᠪᠣᠯᠣᠨ ᠠᠮᠵᠢᠯᠲᠠ ᠪᠦᠲᠦᠮᠵᠢ ᠶᠢ ᠨᠠᠷᠢᠯᠢᠭ ᠲᠠᠨᠢᠯᠴᠠᠭᠤᠯᠪᠠ᠃ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ︽ᠰᠠᠨᠠᠯ︾ ᠢ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠦᠷᠭᠦᠯᠵᠢᠯᠡᠨ ᠠᠬᠢᠭᠤᠯᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠬᠦ ᠪᠣᠯᠣᠨ᠎ᠠ ᠭᠡᠵᠦ ᠬᠡᠯᠡᠪᠡ᠃      ᠳᠠᠷᠠᠭ᠎ᠠ ᠨᠢ᠂ ᠬᠤᠷᠠᠯ ᠳᠤ ᠣᠷᠣᠯᠴᠠᠬᠰᠠᠨ ᠵᠠᠭᠤᠴᠢᠯᠠᠭᠤᠷ ᠤᠨ ᠰᠤᠷᠪᠤᠯᠵᠢᠯᠠᠬᠴᠢ︽ᠰᠠᠨᠠᠯ︾ ᠤᠨ ᠣᠨᠴᠠᠯᠢᠭ᠂ ︽ᠰᠠᠨᠠᠯ︾ ᠢ ᠠᠬᠢᠭᠤᠯᠤᠨ ᠬᠡᠷᠡᠭᠵᠢᠭᠦᠯᠬᠦ ᠠᠵᠢᠯ᠂ ᠥᠪᠥᠷ ᠮᠣᠩᠭᠤᠯ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠠᠬᠢᠭᠤᠯᠬᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠬᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠵᠡᠷᠭᠡ ᠠᠭᠤᠯᠭ᠎ᠠ ᠶᠢᠨ ᠲᠣᠭᠤᠷᠢᠨ ᠳᠤ ᠠᠰᠠᠭᠤᠯᠲᠠ ᠠᠰᠠᠭᠤᠵᠤ᠂ ᠬᠤᠷᠠᠯ ᠳᠡᠭᠡᠷ᠎ᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠢᠭᠡᠳ ᠨᠢᠭᠡ ᠪᠠᠷ ᠲᠠᠶᠢᠯᠪᠤᠷᠢᠯᠠᠵᠤ ᠬᠠᠷᠢᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号