ᠮᠠᠨ ᠤ ᠤᠯᠤᠰ ᠠᠵᠢᠯᠯᠠᠭᠠᠨ ᠤ ᠲᠥᠰᠥᠯ ᠨᠡᠶᠢᠲᠡᠯᠡᠵᠦ ᠮᠧᠲ᠋ᠠᠨ ᠤ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠪᠡ
ᠨᠡᠶᠢᠲᠡᠯᠡᠭᠰᠡᠨ ᠴᠠᠭ᠄
2023/11/10
     ᠠᠮᠢ ᠠᠬᠤᠢ ᠣᠷᠴᠢᠨ ᠲᠣᠭᠤᠷᠢᠨ ᠤ ᠶᠠᠮᠤᠨ ᠵᠡᠷᠭᠡ 11 ᠰᠠᠯᠠᠭ᠎ᠠ ᠮᠥᠴᠢᠷ 7 ᠤ ᠡᠳᠦᠷ ︽ᠮᠧᠲ᠋ᠠᠨ ᠤ ᠭᠠᠳᠠᠭᠰᠢᠯᠠᠭᠤᠯᠤᠯᠲᠠ ᠶᠢ ᠡᠵᠡᠮᠳᠡᠬᠦ ᠠᠵᠢᠯᠯᠠᠭ᠎ᠠ ᠶᠢᠨ ᠲᠥᠰᠥᠯ︾ ᠢ ᠨᠡᠶᠢᠲᠡᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠮᠧᠲ᠋ᠠᠨ ᠤ ᠭᠠᠳᠠᠭᠰᠢᠯᠠᠭᠤᠯᠤᠯᠲᠠ ᠶᠢ ᠡᠵᠡᠮᠳᠡᠬᠦ ᠬᠠᠷᠠᠯᠲᠠ ᠶᠢ ᠲᠣᠳᠣᠷᠬᠠᠢ ᠳᠤᠷᠠᠳᠤᠨ ᠭᠠᠷᠭᠠᠪᠠ᠃ ᠡᠨᠡ ᠪᠣᠯ ᠮᠠᠨ ᠤ ᠤᠯᠤᠰ ᠤᠨ ᠮᠧᠲ᠋ᠠᠨ ᠤ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ ᠦᠵᠦ ᠲᠥᠯᠥᠪᠯᠡᠭᠡ ᠶᠢᠨ ᠪᠢᠴᠢᠭ ᠮᠠᠲ᠋ᠧᠷᠢᠶᠠᠯ ᠪᠣᠯᠣᠨ᠎ᠠ᠃      ᠲᠥᠰᠥᠯ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠧᠲ᠋ᠠᠨ ᠤ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ᠂ ᠮᠡᠷᠭᠡᠵᠢᠯ ᠪᠠ ᠪᠠᠷᠢᠮᠵᠢᠶ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠮᠧᠲ᠋ᠠᠨ ᠤ ᠭᠠᠳᠠᠭᠰᠢᠯᠠᠭᠤᠯᠤᠯᠲᠠ ᠶᠢ ᠪᠦᠷᠢᠳᠬᠡᠨ ᠲᠣᠭᠠᠴᠠᠭ᠎ᠠ ᠬᠢᠬᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠵᠡᠷᠭᠡ ᠰᠠᠭᠤᠷᠢ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠮᠧᠲ᠋ᠠᠨ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠭᠠᠳᠠᠭᠰᠢᠯᠠᠭᠤᠯᠤᠯᠲᠠ ᠶᠢ ᠡᠵᠡᠮᠳᠡᠬᠦ ᠠᠵᠢᠯ ᠢ ᠢᠳᠡᠪᠬᠢᠲᠡᠢ ᠠᠬᠢᠴᠠ ᠲᠠᠢ ᠪᠣᠯᠭᠠᠨ᠎ᠠ᠃ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ ᠤᠨ ᠨᠢᠭᠡᠴᠢ ᠲᠠᠷᠢᠶᠠᠯᠠᠩ ᠤᠨ ᠪᠦᠲᠦᠭᠡᠭᠳᠡᠬᠦᠨ ᠤ ᠮᠧᠲ᠋ᠠᠨ ᠢ ᠭᠠᠳᠠᠭᠰᠢᠯᠠᠭᠤᠯᠬᠤ ᠡᠷᠴᠢᠮ ᠲᠣᠭᠲᠠᠭᠤᠨ ᠤ ᠳᠤᠮᠳᠠ ᠪᠠᠭᠤᠷᠠᠵᠤ᠂ ᠪᠦᠭᠦ ᠤᠯᠤᠰ ᠤᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠪᠠ ᠬᠤᠲᠠ ᠶᠢᠨ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠳᠤᠷᠠᠳᠪᠠ᠃      ᠲᠥᠰᠥᠯ ᠶᠣᠰᠣᠭᠠᠷ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠧᠲ᠋ᠠᠨ ᠤ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠲᠦᠷᠦ ᠶᠢᠨ ᠪᠣᠳᠣᠯᠭ᠎ᠠ᠂ ᠮᠡᠷᠭᠡᠵᠢᠯ ᠪᠠ ᠪᠠᠷᠢᠮᠵᠢᠶ᠎ᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠮᠧᠲ᠋ᠠᠨ ᠤ ᠭᠠᠳᠠᠭᠰᠢᠯᠠᠭᠤᠯᠤᠯᠲᠠ ᠶᠢ ᠪᠦᠷᠢᠳᠬᠡᠨ ᠲᠣᠭᠠᠴᠠᠭ᠎ᠠ ᠬᠢᠬᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠵᠡᠷᠭᠡ ᠦᠨᠳᠦᠰᠦᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠮᠧᠲ᠋ᠠᠨ ᠤ ᠭᠠᠳᠠᠭᠰᠢᠯᠠᠭᠤᠯᠤᠯᠲᠠ ᠶᠢ ᠡᠵᠡᠮᠳᠡᠬᠦ ᠴᠢᠳᠠᠪᠤᠷᠢ ᠪᠠ ᠬᠠᠮᠢᠶᠠᠷᠤᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠨᠡᠭᠦᠷᠡᠰᠦᠨ ᠠᠭᠤᠷᠬᠠᠢ ᠶᠢᠨ ᠭᠠᠰ ᠢ ᠠᠰᠢᠭᠯᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ ᠤᠨ ᠨᠢᠭᠡᠴᠢ ᠲᠠᠷᠢᠶᠠᠯᠠᠩ ᠤᠨ ᠪᠦᠲᠦᠭᠡᠭᠳᠡᠬᠦᠨ ᠤ ᠮᠧᠲ᠋ᠠᠨ ᠭᠠᠳᠠᠭᠰᠢᠯᠠᠭᠤᠯᠬᠤ ᠡᠷᠴᠢᠮ ᠢ ᠴᠢᠨᠠᠭᠰᠢᠳᠠ ᠪᠠᠭᠤᠷᠠᠭᠤᠯᠤᠨ᠎ᠠ᠃      ᠠᠮᠢ ᠠᠬᠤᠢ ᠣᠷᠴᠢᠨ ᠲᠣᠭᠤᠷᠢᠨ ᠤ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠮᠧᠲ᠋ᠠᠨ ᠨᠢ ᠪᠦᠭᠦ ᠪᠥᠮᠪᠥᠷᠴᠡᠭ ᠤᠨ ᠬᠤᠶᠠᠳᠤᠭᠠᠷ ᠲᠣᠮᠣ ᠬᠦᠯᠡᠮᠵᠢ ᠶᠢᠨ ᠬᠡᠢ ᠪᠡᠶᠡᠲᠦ ᠪᠣᠯᠤᠭᠰᠠᠨ ᠤ ᠬᠤᠪᠢ ᠳᠤ᠂ ᠳᠤᠯᠠᠭᠠᠨ ᠢ ᠨᠡᠮᠡᠭᠳᠡᠭᠦᠯᠬᠦ ᠳᠠᠯᠳᠠ ᠬᠦᠴᠦ ᠨᠢ ᠥᠨᠳᠥᠷ᠂ ᠳᠠᠭᠠᠭᠠᠮᠠᠭᠠᠢ ᠴᠢᠨᠠᠷ ᠠᠨᠠᠢ ᠵᠡᠷᠭᠡ ᠣᠨᠴᠠᠯᠢᠭ ᠲᠠᠢ᠂ ᠭᠤᠣᠯᠳᠠᠭᠤ ᠨᠡᠭᠦᠷᠡᠰᠦ᠂ ᠲᠣᠰᠣ ᠬᠡᠢ ᠶᠢᠨ ᠦᠢᠯᠡᠳᠪᠦᠷᠢᠯᠡᠯ᠂ ᠲᠠᠷᠢᠶᠠᠯᠠᠩ ᠪᠠ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠬᠦᠷᠢᠶ᠎ᠡ ᠠᠴᠠ ᠢᠷᠡᠯᠲᠡ ᠲᠠᠢ ᠪᠠᠶᠢᠳᠠᠭ᠃ ᠮᠧᠲ᠋ᠠᠨ ᠤ ᠭᠠᠳᠠᠭᠰᠢᠯᠠᠭᠤᠯᠤᠯᠲᠠ ᠶᠢ ᠢᠳᠡᠪᠬᠢᠲᠡᠢ ᠪᠥᠭᠡᠳ ᠡᠮᠬᠢ ᠵᠢᠷᠤᠮ  ᠲᠠᠢ ᠪᠠᠷ ᠡᠵᠡᠮᠳᠡᠬᠦ ᠨᠢ ᠪᠦᠭᠦ ᠪᠥᠮᠪᠥᠷᠴᠡᠭ ᠤᠨ ᠳᠤᠯᠠᠭᠠᠷᠠᠬᠤ ᠶᠢ ᠤᠳᠠᠭᠠᠰᠢᠷᠠᠭᠤᠯᠬᠤ ᠠᠭᠤᠷ ᠠᠮᠢᠰᠬᠤᠯ ᠤᠨ ᠦᠷ᠎ᠡ ᠠᠰᠢᠭ᠂ ᠡᠨᠧᠷᠭᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠠᠬᠤᠢ ᠶᠢᠨ ᠦᠷ᠎ᠡ ᠠᠰᠢᠭ᠂ ᠪᠣᠬᠢᠷᠳᠤᠯ ᠪᠣᠳᠠᠰ ᠢ ᠵᠣᠬᠢᠴᠠᠭᠤᠯᠤᠨ ᠡᠵᠡᠮᠳᠡᠬᠦ ᠣᠷᠴᠢᠨ ᠲᠣᠭᠤᠷᠢᠨ ᠤ ᠦᠷ᠎ᠡ ᠠᠰᠢᠭ ᠪᠠ ᠦᠢᠯᠡᠳᠪᠦᠷᠢᠯᠡᠯ ᠤᠨ ᠠᠳᠡᠯ ᠢ ᠪᠠᠭᠠᠰᠬᠠᠬᠤ ᠠᠮᠤᠷ ᠲᠦᠪᠰᠢᠨ ᠤ ᠦᠷ᠎ᠡ ᠠᠰᠢᠭ ᠲᠠᠢ ᠭᠡᠵᠦ ᠲᠠᠨᠢᠯᠴᠠᠭᠤᠯᠪᠠ᠃      ᠮᠠᠨ ᠤ ᠤᠯᠤᠰ ᠮᠧᠲ᠋ᠠᠨ ᠤ ᠭᠠᠳᠠᠭᠰᠢᠯᠠᠭᠤᠯᠤᠯᠲᠠ ᠶᠢ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠲᠣᠰ ᠤᠳᠠᠭ᠎ᠠ ᠶᠢᠨ ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠡᠨᠡ ᠬᠦ ᠲᠥᠰᠥᠯ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠂ ᠮᠠᠨ ᠤ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠬᠤ ᠪᠡᠶ᠎ᠡ ᠪᠠᠨ ᠳᠠᠭᠠᠭᠠᠭᠰᠠᠨ ᠠᠵᠢᠯᠯᠠᠭ᠎ᠠ ᠮᠥᠨ᠂ ᠪᠠᠰᠠ ᠴᠤ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠶᠢᠭ᠎ᠠ ᠶᠠᠪᠤᠳᠠᠯ ᠮᠥᠨ᠃      ᠲᠣᠰ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ ᠲᠥᠰᠥᠯ ᠢ ᠰᠠᠶᠢᠲᠤᠷ ᠵᠣᠬᠢᠶᠠᠨ ᠪᠠᠶᠢᠭᠤᠯᠵᠤ᠂ ᠦᠨᠳᠦᠰᠦᠨ ᠴᠢᠳᠠᠪᠤᠷᠢ ᠪᠠᠨ ᠲᠠᠰᠤᠷᠠᠯᠲᠠ ᠦᠭᠡᠢ ᠪᠠᠬᠢᠵᠢᠭᠦᠯᠦᠨ᠂ ᠮᠧᠲ᠋ᠠᠨ ᠤ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠮᠧᠲ᠋ᠠᠨ ᠤ ᠬᠠᠮᠢᠶᠠᠷᠤᠯᠲᠠ ᠡᠵᠡᠮᠳᠡᠯ ᠪᠠ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠠ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠮᠧᠲ᠋ᠠᠨ ᠤ ᠬᠠᠮᠢᠶᠠᠷᠤᠯᠲᠠ ᠡᠵᠡᠮᠳᠡᠯ ᠤᠨ ᠡᠭᠦᠷᠭᠡ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠠᠬᠢᠭᠤᠯᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号