ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ
ᠨᠡᠶᠢᠲᠡᠯᠡᠭᠰᠡᠨ ᠴᠠᠭ᠄
2023/11/13
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ︽ᠲᠠᠪᠤᠨ ᠲᠡᠷᠢᠭᠦᠨ ᠳᠡᠰ︾ ᠤᠨ ᠬᠠᠷᠠᠯᠲᠠ ᠶᠢ ᠣᠨᠢᠯᠠᠨ ᠲᠣᠭᠲᠠᠭᠠᠵᠤ᠂ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠠᠷᠠᠳ ᠤᠨ ᠠᠮᠢᠳᠤᠷᠠᠯ ᠤᠨ ᠠᠰᠠᠭᠤᠳᠠᠯ ᠢ ᠲᠡᠭᠷᠢ ᠠᠴᠠ ᠶᠡᠭᠡ ᠪᠠᠶᠢᠯᠭᠠᠬᠤ ᠵᠠᠷᠴᠢᠮ ᠶᠣᠰᠣᠭᠠᠷ᠂ ︽ᠨᠠᠮ ᠤᠨ ᠪᠠᠶᠢᠭᠤᠯᠤᠯᠲᠠ᠂ ᠡᠭᠦᠷᠭᠡ ᠬᠠᠷᠢᠭᠤᠴᠠᠯᠭ᠎ᠠ᠂ ᠦᠢᠯᠡᠴᠢᠯᠡᠭᠡ︾ ᠵᠡᠷᠭᠡ ᠭᠤᠷᠪᠠᠨ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠭᠤᠣᠯ ᠬᠥᠭ ᠠᠶᠠᠰ ᠲᠠᠢ ᠨᠢᠭᠲᠠ ᠤᠶᠠᠯᠳᠤᠭᠤᠯᠤᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠦᠨᠵᠡᠭᠡᠢ ᠴᠣᠬᠢᠯᠲᠠ ᠥᠭᠴᠦ᠂ ᠠᠷᠠᠳ ᠣᠯᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃      ᠬᠦᠨᠳᠦ ᠨᠢᠳᠤᠷᠭ᠎ᠠ ᠬᠤᠷᠴᠠ ᠰᠡᠯᠡᠮ᠎ᠡ ᠪᠠᠷ ᠪᠣᠬᠢᠷᠲᠤᠯ ᠢ ᠠᠷᠢᠯᠭᠠᠵᠤ ᠠᠮᠢ ᠠᠬᠤᠢ ᠶᠢ ᠬᠠᠮᠠᠭᠠᠯᠠᠨ᠎ᠠ      ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ︽ᠬᠤᠷᠴᠠ ᠰᠡᠯᠡᠮ᠎ᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠥᠴᠥᠬᠡᠨ ᠴᠦ ᠠᠭᠤᠴᠢᠯᠠᠬᠤ ᠦᠭᠡᠢ︾ ᠣᠪᠣᠷ ᠢᠶᠠᠷ ᠬᠦᠴᠦᠲᠡᠢ ᠴᠣᠬᠢᠯᠲᠠ ᠥᠭᠴᠦ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠬᠤᠬᠢᠷᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠪᠠ᠃ 2023 ᠣᠨ ᠠᠴᠠ ᠨᠠᠰᠢ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠨᠡᠶᠢᠲᠡ 6 ᠡᠷᠡᠭᠦᠦ ᠶᠢᠨ ᠬᠡᠷᠡᠭ ᠢ ᠳᠡᠩᠨᠡᠨ ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 16 ᠰᠡᠵᠢᠭᠲᠡᠨ ᠢ ᠪᠠᠷᠢᠪᠴᠢᠯᠠᠪᠠ᠃ ᠰᠢᠶᠠᠨ ᠤ ᠬᠡᠪᠴᠢᠶᠡᠨ ᠳᠠᠬᠢ ᠠᠮᠢ ᠠᠬᠤᠢ ᠣᠷᠴᠢᠨ ᠲᠣᠭᠤᠷᠢᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠣᠶᠢᠲᠤ ᠭᠠᠵᠠᠷ ᠨᠤᠲᠤᠭ ᠪᠡᠯᠴᠢᠭᠡᠷ ᠵᠢᠴᠢ ᠣᠷᠴᠢᠨ ᠲᠣᠭᠤᠷᠢᠨ ᠤ ᠪᠣᠬᠢᠷᠲᠤᠯ ᠢ ᠡᠪᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠶᠢᠯᠪᠤᠷᠢᠲᠠᠢ ᠬᠤᠷᠢᠭᠯᠠᠬᠤ ᠶᠢᠨ ᠲᠥᠯᠥᠭᠡ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂ ᠪᠦᠬᠦ ᠰᠢᠶᠠᠨ ᠤ ᠬᠡᠪᠴᠢᠶᠡᠨ ᠳᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠤᠯᠠᠨ ᠵᠦᠢᠯ ᠤᠨ ᠠᠷᠭ᠎ᠠ ᠪᠠᠷᠢᠯ ᠢ ᠬᠡᠷᠡᠭᠯᠡᠨ ᠶᠠᠯᠠᠲᠤ ᠬᠡᠷᠡᠭ ᠤᠨ ᠰᠦᠪᠡᠭᠴᠢ ᠶᠢ ᠪᠦᠬᠦ ᠲᠠᠯ᠎ᠠ ᠪᠠᠷ ᠭᠦᠨ ᠠᠭᠤᠳᠠᠯᠵᠤ᠂ ᠢᠯᠡᠷᠡᠭᠦᠯᠦᠭᠰᠡᠨ ᠪᠤᠶᠤ ᠰᠢᠯᠵᠢᠭᠦᠯᠦᠨ ᠬᠦᠷᠭᠡᠭᠰᠡᠨ ᠶᠠᠯᠠᠲᠤ ᠬᠡᠷᠡᠭ ᠤᠨ ᠰᠦᠪᠡᠭᠴᠢ ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠠᠰᠢᠭ ᠲᠤᠰᠠ ᠶᠢᠨ ᠬᠡᠯᠬᠢᠶ᠎ᠡ ᠶᠢ ᠡᠷᠡᠰ ᠲᠠᠰᠤᠳᠠᠵᠠᠢ᠃ ᠲᠣᠰ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠠᠤᠯᠢ ᠪᠤᠰᠤ ᠪᠠᠷ ᠠᠭᠤᠷᠬᠠᠢ ᠮᠠᠯᠲᠠᠭᠰᠠᠨ ᠬᠡᠷᠡᠭ ᠢ ᠨᠡᠶᠢᠲᠡ 2 ᠰᠢᠢᠳᠪᠦᠷᠢᠯᠡᠵᠦ᠂ 1 ᠬᠥᠮᠥᠨ ᠢ ᠪᠠᠷᠢᠪᠴᠢᠯᠠᠵᠤ᠂ 4 ᠬᠥᠮᠥᠨ ᠢ ᠠᠮᠤᠷ ᠢ ᠬᠠᠮᠠᠭᠠᠯᠠᠨ ᠲᠦᠷ ᠬᠤᠷᠢᠵᠤ᠂ 1 ᠬᠥᠮᠥᠨ ᠢ ᠪᠠᠲᠤᠯᠠᠭ᠎ᠠ ᠠᠪᠴᠤ ᠰᠢᠭᠦᠬᠦ ᠶᠢ ᠬᠦᠯᠢᠶᠡᠯᠭᠡᠪᠡ᠃      ᠳᠠᠯᠳᠠ ᠭᠡᠮ ᠢ ᠠᠷᠢᠯᠭᠠᠵᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠠᠮᠤᠷ ᠲᠦᠪᠰᠢᠨ ᠢ ᠪᠠᠲᠤᠯᠠᠨ᠎ᠠ      ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠳᠣᠲᠣᠭᠠᠳᠤ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠢᠳᠡᠭᠡᠨ ᠤ ᠵᠠᠬ᠎ᠠ ᠳᠡᠯᠭᠡᠭᠦᠷ᠂ ᠡᠮ ᠤᠨ ᠳᠡᠯᠭᠡᠭᠦᠷ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ᠂ ᠢᠳᠡᠭᠡᠨ ᠤᠮᠳᠠᠭᠠᠨ ᠤ ᠠᠵᠤ ᠠᠬᠤᠶᠢᠯᠠᠯ᠂ ᠢᠳᠡᠭᠡᠨ ᠡᠳ᠋ᠰᠢᠭᠦᠯᠬᠦ ᠠᠵᠤ ᠠᠬᠤᠶᠢᠯᠠᠯ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠭᠠᠵᠠᠷ᠂ ᠰᠢᠲᠠᠮᠠᠬᠠᠢ ᠬᠡᠢ ᠶᠢᠨ ᠵᠤᠤᠬ᠎ᠠ ᠵᠡᠷᠭᠡ ᠡᠵᠡᠩᠨᠡᠯᠲᠡ ᠶᠢᠨ ᠲᠠᠯᠠᠪᠤᠷ ᠤᠨ ᠲᠣᠭᠤᠷᠢᠨ ᠳᠤ 23 ᠤᠳᠠᠭ᠎ᠠ ᠪᠠᠶᠢᠴᠠᠭᠠᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠪᠠ ᠦᠢᠯᠡᠳᠬᠦᠨ ᠤ ᠪᠠᠶᠢᠴᠠᠭᠠᠯᠲᠠ  ᠶᠢ 4 ᠤᠳᠠᠭ᠎ᠠ ᠥᠷᠨᠢᠭᠦᠯᠵᠦ᠂ ᠰᠢᠶᠠᠨ ᠤ ᠬᠡᠪᠴᠢᠶᠡᠨ ᠳᠠᠬᠢ ᠡᠯ᠎ᠡ ᠲᠣᠰᠣ ᠨᠡᠮᠡᠬᠦ ᠥᠷᠲᠡᠭᠡ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠲᠤᠰᠬᠠᠢ ᠪᠠᠶᠢᠴᠠᠭᠠᠯᠲᠠ ᠶᠢ 8 ᠤᠳᠠᠭ᠎ᠠ ᠥᠷᠨᠢᠭᠦᠯᠵᠦ᠂ ᠠᠶᠤᠯᠲᠠᠢ ᠬᠠᠶᠠᠭᠳᠠᠮᠠᠯ ᠪᠣᠳᠠᠰ ᠤᠨ ᠪᠠᠶᠢᠴᠠᠭᠠᠯᠲᠠ ᠶᠢ 1 ᠤᠳᠠᠭ᠎ᠠ ᠦᠷᠨᠢᠭᠦᠯᠪᠡ᠂ ᠡᠯ᠎ᠡ ᠵᠦᠢᠯ ᠤᠨ ᠪᠠᠶᠢᠴᠠᠭᠠᠯᠲᠠ ᠶᠢᠨ ᠠᠵᠢᠯᠯᠠᠭ᠎ᠠ ᠨᠢ ᠡᠵᠡᠩᠨᠡᠭᠴᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠵᠤ᠂ ᠠᠷᠠᠳ ᠣᠯᠠᠨ ᠳᠤ ᠠᠮᠤᠷ ᠲᠦᠪᠰᠢᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃      ᠲᠣᠭᠲᠠᠴᠠ ᠶᠢ ᠪᠠᠶᠢᠭᠤᠯᠤᠨ ᠡᠷᠡᠭᠦᠦ ᠰᠢᠳᠬᠡᠯ ᠬᠡᠷᠡᠭᠵᠢᠭᠦᠯᠬᠦ ᠶᠢ ᠵᠣᠯᠭᠠᠯᠳᠤᠭᠤᠯᠤᠨ ᠡᠬᠢ ᠡᠭᠦᠰᠦᠯ ᠠᠴᠠ  ᠨᠢ ᠵᠠᠰᠠᠨ᠎ᠠ      ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠳᠣᠲᠣᠭᠠᠳᠤ ᠭᠠᠳᠠᠭᠠᠳᠤ ᠶᠢᠨ ᠣᠯᠣᠯᠴᠠᠭ᠎ᠠ᠂ ᠬᠠᠷᠢᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠬᠤ ᠠᠷᠭ᠎ᠠ ᠵᠠᠮ ᠢ ᠰᠢᠯᠤᠭᠤᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠡᠬᠢ ᠪᠠᠶᠠᠯᠢᠭ ᠢ ᠬᠠᠮᠲᠤᠪᠠᠷ ᠬᠡᠷᠡᠭᠯᠡᠬᠦ᠂ ᠴᠣᠬᠢᠯᠲᠠ ᠥᠭᠴᠦ ᠰᠢᠢᠳᠪᠦᠷᠢᠯᠡᠬᠦ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠨᠠᠪᠴᠢᠨ ᠲᠠᠮᠠᠬᠢ ᠶᠢᠨ ᠺᠣᠮᠫᠠᠨᠢ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠨᠢᠭᠡᠴᠢ ᠲᠠᠢ ᠡᠷᠡᠭᠦᠦ ᠶᠢᠨ ᠬᠡᠷᠡᠭ ᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠦᠮᠡᠳ ᠵᠡᠭᠦᠨ ᠬᠤᠰᠢᠭᠤ ᠪᠣᠯᠣᠨ ᠬᠤᠲᠣᠩᠴᠤᠳ ᠤᠨ ᠲᠣᠭᠤᠷᠢᠭ ᠯᠤᠭ᠎ᠠ ᠣᠷᠣᠨ ᠪᠦᠰᠡ ᠶᠢᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠢᠨᠠᠨ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠵᠤ᠂ ᠬᠡᠷᠡᠭ ᠤᠨ ᠳᠠᠷᠠᠭ᠎ᠠ ᠡᠷᠡᠭᠦᠦ ᠶᠢᠨ ᠬᠡᠷᠡᠭ ᠢᠶᠠᠷ ᠴᠣᠬᠢᠯᠲᠠ ᠥᠭᠬᠦ ᠶᠢ ᠬᠡᠷᠡᠭ ᠤᠨ ᠡᠮᠦᠨ᠎ᠡ ᠴᠠᠭ ᠲᠤᠬᠠᠢ ᠳᠤᠨᠢ ᠢᠯᠡᠷᠡᠭᠦᠯᠬᠦ ᠪᠣᠯᠭᠠᠨ ᠬᠤᠪᠢᠷᠠᠭᠤᠯᠵᠤ᠂ ᠴᠠᠭ ᠲᠤᠬᠠᠢ ᠳᠤᠨᠢ ᠤᠷᠢᠳᠴᠢᠯᠠᠨ ᠰᠡᠷᠭᠡᠶᠢᠯᠡᠬᠦ ᠪᠠ ᠰᠠᠨᠠᠭᠠᠴᠢᠯᠠᠭ᠎ᠠ ᠠᠴᠠ ᠪᠠᠨ ᠴᠣᠬᠢᠯᠲᠠ ᠥᠭᠴᠦ ᠴᠡᠭᠴᠡᠯᠡᠨ ᠵᠠᠰᠠᠬᠤ ᠶᠢ ᠤᠶᠠᠯᠳᠤᠭᠤᠯᠵᠤ᠂ ᠶᠡᠷᠦᠩᠬᠡᠶᠢᠯᠡᠭᠰᠡᠨ ᠴᠣᠬᠢᠯᠲᠠ ᠥᠭᠴᠦ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠢ ᠬᠦᠴᠦᠲᠡᠢ ᠴᠡᠪᠡᠷᠰᠢᠭᠦᠯᠵᠦ᠂ ᠶᠠᠯᠠᠲᠤ ᠠᠵᠢᠯᠯᠠᠭ᠎ᠠ ᠶᠢ ᠰᠦᠷᠳᠡᠭᠦᠯᠵᠦ᠂ ᠠᠮᠤᠷ ᠲᠦᠪᠰᠢᠨ᠂ ᠡᠷᠡᠭᠦᠯ ᠴᠢᠭᠢᠷᠠᠭ᠂ ᠡᠮᠬᠢ ᠳᠢᠭᠯᠢᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠪᠠ᠃      ᠤᠬᠠᠭᠤᠯᠭ᠎ᠠ ᠶᠢ ᠴᠢᠬᠤᠯᠠᠴᠢᠯᠠᠬᠤ ᠤᠯᠠᠨ ᠵᠦᠢᠯ ᠤᠨ ᠬᠡᠯᠪᠡᠷᠢ ᠪᠠᠷ ᠬᠠᠮᠠᠭᠠᠯᠠᠯᠲᠠ ᠶᠢ ᠲᠣᠰᠣᠯᠠᠨ᠎ᠠ      ᠣᠶᠢᠷ᠎ᠠ ᠶᠢᠨ ᠵᠢᠯ ᠠᠴᠠ᠂ ᠦᠴᠦᠸᠠᠨ ᠰᠢᠶᠠᠨ ᠤ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠡᠭᠡᠷ᠎ᠡ ᠶᠢᠨ ᠠᠮᠢᠳᠠᠨ ᠤ ᠲᠦᠷᠦᠯ ᠵᠦᠢᠯ ᠤᠨ ᠲᠤᠭ᠎ᠠ ᠬᠡᠮᠵᠢᠶ᠎ᠡ ᠲᠠᠰᠤᠷᠠᠯᠳᠡ ᠦᠭᠡᠢ ᠨᠡᠮᠡᠭᠳᠡᠵᠦ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ᠂ ᠠᠷᠠᠳ ᠤᠯᠠᠨ ᠤ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠳᠤ ᠣᠷᠣᠯᠴᠠᠬᠤ ᠤᠬᠠᠮᠰᠠᠷ ᠴᠤ ᠲᠠᠰᠤᠷᠠᠯᠳᠡ ᠦᠭᠡᠢ ᠴᠢᠩᠭᠠᠷᠠᠵᠤ᠂ ᠴᠥᠭᠡᠨ ᠪᠤᠰᠤ ᠬᠡᠭᠡᠷ᠎ᠡ ᠶᠢᠨ ᠠᠮᠢᠳᠠᠨ ᠢ ᠴᠠᠭ ᠲᠤᠬᠠᠢ ᠳᠤᠨᠢ ᠠᠪᠤᠷᠠᠨ ᠲᠤᠰᠠᠯᠠᠵᠠᠢ᠃ 2023 ᠣᠨ ᠠᠴᠠ ᠨᠠᠰᠢ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠨᠡᠶᠢᠲᠡ 8 ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠵᠠᠢ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠳᠤ ᠪᠠᠶᠢᠭ᠎ᠠ ᠠᠮᠢᠲᠠᠨ ᠲᠣᠭᠤᠳᠠᠭ 1᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠳᠤ ᠪᠠᠶᠢᠭ᠎ᠠ ᠤᠯᠠᠭᠠᠨ ᠣᠯᠣᠰᠤ ᠨᠤᠭᠤᠰᠤ 2᠂ ᠰᠢᠪᠠᠭᠤᠯ 1᠂ ᠪᠦᠷᠭᠦᠳ 1᠂ ᠤᠯᠤᠰ ᠤᠨ ︽ᠭᠤᠷᠪᠠᠨ ᠥᠷᠲᠡᠭ ᠲᠠᠢ︾ ᠬᠠᠮᠠᠭᠠᠯᠠᠯᠲᠠ ᠳᠤ ᠪᠠᠶᠢᠭ᠎ᠠ ᠬᠥᠬᠡ ᠳᠡᠭᠡᠯᠡᠢ ᠳᠡᠭᠳᠡᠭᠡᠬᠡᠢ 1᠂ ᠴᠠᠭᠠᠨ ᠶᠠᠰᠤᠲᠤ ᠲᠠᠬᠢᠶ᠎ᠠ 1᠂ ᠭᠠᠷᠤᠳᠢ ᠶᠢᠨ ᠲᠣᠯᠣᠭᠠᠶᠢᠲᠤ ᠰᠢᠪᠠᠭᠤ 1 ᠪᠣᠶ᠃      ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠠᠷᠠᠳ ᠤᠨ ᠠᠮᠢᠳᠤᠷᠠᠯ ᠤᠨ ᠠᠰᠠᠭᠤᠳᠠᠯ ᠲᠡᠭᠷᠢ ᠠᠴᠠ ᠴᠢᠬᠤᠯᠠ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠭᠤᠣᠯ ᠬᠦᠴᠦᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠢ ᠣᠷᠴᠢᠨ ᠲᠣᠭᠤᠷᠢᠨ᠂ ᠢᠳᠡᠭᠡᠨ ᠤ ᠵᠦᠢᠯ ᠡᠮ ᠤᠨ ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠣᠶ ᠰᠢᠭᠤᠢ ᠨᠤᠲᠤᠭ ᠪᠡᠯᠴᠢᠭᠡᠷ ᠵᠡᠷᠭᠡ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠬᠦᠷᠢᠶᠡᠨ ᠳᠠᠬᠢ ᠶᠠᠯᠠᠲᠤ ᠠᠵᠢᠯᠯᠠᠭ᠎ᠠ ᠶᠢᠨ ᠬᠠᠨᠳᠤᠰᠢ ᠶᠢ ᠡᠷᠡᠰ ᠬᠤᠷᠢᠭᠯᠠᠨ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠴᠢᠩᠭ᠎ᠠ ᠰᠦᠷᠳᠡᠭᠦᠯᠦᠯ ᠢ ᠪᠣᠶ ᠪᠣᠯᠭᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠪᠠᠷ ᠬᠥᠮᠥᠰ ᠤᠨ ᠠᠮᠢᠳᠤᠷᠠᠯ ᠢ ᠰᠠᠬᠢᠨ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠪᠠᠲᠤᠯᠠᠨ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠵᠤ᠂ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ  ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号