ᠦᠴᠤᠸᠠᠨ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ᠄ ᠭᠤᠣᠯ ᠰᠡᠳᠦᠪᠲᠦ ᠬᠥᠮᠦᠵᠢᠯ ᠤᠨ ᠳᠤᠮᠳᠠ ᠰᠢᠨ᠎ᠡ ᠰᠤᠷᠲᠠᠯ ᠢ ᠪᠤᠢ ᠪᠣᠯᠭᠠᠵᠤ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠬᠦᠴᠦᠯᠡᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2023/11/14
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠴᠤᠸᠠᠨ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠰᠢᠵᠦ᠂ ᠤᠯᠤᠰ ᠲᠦᠷᠦ ᠶᠢᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠦᠨ ᠰᠤᠷᠪᠤᠯᠵᠢᠯᠠᠵᠤ ᠬᠡᠷᠡᠭᠴᠡᠭᠡ ᠶᠢ ᠠᠰᠠᠭᠤᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠢᠳᠡᠪᠬᠢᠲᠡᠶ ᠪᠠᠷ ᠴᠤᠭᠯᠠᠭᠤᠯᠤᠨ᠂ ᠠᠷᠠᠳ ᠤᠨ ᠠᠮᠢᠳᠤᠷᠠᠯ ᠤᠨ ᠤᠴᠢᠷ ᠶᠠᠪᠤᠳᠠᠯ ᠢ ᠲᠠᠨᠢᠵᠤ ᠠᠪᠴᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠵᠦᠢᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃      ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ ᠦᠵᠡᠯ ᠰᠠᠨᠠᠭ᠎ᠠ ᠶᠢ ᠰᠤᠷᠤᠯᠴᠠᠵᠤ᠂ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ ᠨᠠᠮᠴᠢ ᠴᠢᠨᠠᠷ ᠢᠶᠠᠨ ᠴᠢᠩᠭᠠᠳᠬᠠᠨ᠎ᠠ      ᠦᠵᠡᠯ ᠰᠠᠨᠠᠭ᠎ᠠ ᠪᠣᠯ ᠦᠢᠯᠡ ᠠᠵᠢᠯᠯᠠᠭ᠎ᠠ ᠶᠢᠨ ᠵᠢᠯᠣᠭᠤᠳᠤᠮᠵᠢ ᠮᠥᠨ᠂ ᠤᠨᠤᠯ ᠪᠣᠯ ᠦᠢᠯᠡᠳᠦᠯᠭᠡ ᠶᠢᠨ ᠵᠦᠭᠯᠡᠭᠦᠷ ᠮᠥᠨ᠃ ᠦᠴᠤᠸᠠᠨ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ︽ᠦᠵᠡᠯ ᠰᠠᠨᠠᠭ᠎ᠠ ᠶᠢ ᠰᠤᠷᠤᠯᠴᠠᠬᠤ︾ ᠪᠠᠷ ᠰᠡᠳᠦᠪ ᠢᠶᠠᠨ ᠡᠬᠢᠯᠡᠭᠦᠯᠬᠦ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠨᠠᠮ ᠤᠨ ᠲᠦᠷᠢᠮ ᠪᠣᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠢᠲᠡᠭᠡᠯ ᠪᠢᠰᠢᠷᠡᠯ ᠤᠨ ᠰᠠᠭᠤᠷᠢ ᠶᠢ ᠴᠢᠨᠠᠭᠰᠢᠳᠠ ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠪᠡ᠃ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠪᠠᠶᠢᠭᠤᠯᠤᠯᠭ᠎ᠠ ᠶᠢᠨ ᠬᠢᠨ ᠭᠠᠷᠠᠭ ᠪᠦᠷᠢ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠬᠤ᠂ ᠨᠠᠮ ᠤᠨ ᠭᠡᠰᠢᠭᠦᠨ ᠺᠠᠳ᠋ᠷ ᠰᠤᠳᠤᠯᠤᠨ ᠶᠠᠷᠢᠯᠴᠠᠬᠤ ᠵᠡᠷᠭᠡ ᠰᠤᠷᠤᠯᠴᠠᠬᠤ ᠬᠡᠯᠪᠡᠷᠢ ᠶᠢ ᠪᠠᠷᠢᠮᠲᠠᠯᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠤᠨ ᠠᠷᠭ᠎ᠠ ᠶᠢᠨ ᠤᠨᠤᠯ ᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠬᠤ ᠶᠢ ᠠᠬᠢᠭᠤᠯᠪᠠ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠨᠳᠦᠰᠦᠨ ᠱᠠᠲᠤᠨ ᠤ ᠠᠩᠭᠢ ᠰᠠᠯᠪᠤᠷᠢ ᠪᠠᠷ ᠨᠢᠭᠡᠴᠢ ᠪᠣᠯᠭᠠᠨ᠂ ︽ᠡᠷᠬᠡᠪᠰᠢ ᠰᠤᠷᠤᠯᠴᠠᠬᠤ + ᠬᠤᠷᠤᠭᠤᠨ ᠦᠵᠦᠭᠦᠷ ᠢᠶᠠᠷ ᠰᠤᠷᠤᠯᠴᠠᠬᠤ + ᠠᠮᠢᠳᠤᠯᠢᠭ ᠢᠶᠠᠷ ᠰᠤᠷᠤᠯᠴᠠᠬᠤ + ᠬᠦᠷᠭᠡᠨ ᠰᠤᠷᠤᠯᠴᠠᠬᠤ︾ ᠵᠠᠭᠪᠤᠷ ᠢᠶᠠᠷ ᠪᠦᠬᠦ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠬᠤ ᠶᠢ ᠠᠬᠢᠭᠤᠯᠵᠠᠢ᠃ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠡᠷᠲᠡᠨ ᠤ ᠪᠠᠯᠭᠠᠰᠤᠨ ᠤ ᠬᠤᠩᠬᠤᠨ ᠳᠠᠭᠤᠨ - ᠦᠴᠤᠸᠠᠨ ᠰᠢᠶᠠᠨ ᠤ ᠨᠠᠮ ᠤᠨ ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ︾ ᠲᠤ ᠲᠦᠰᠢᠭᠯᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠨᠢᠭᠡᠳᠦᠭᠡᠷ ᠵᠥᠪᠯᠡᠬᠦ ᠰᠡᠳᠦᠪ ᠪᠣᠯᠭᠠᠵᠤ᠂ ᠪᠦᠬᠦ ᠬᠠᠤᠯᠢ ᠶᠢᠨ ᠲᠤᠰᠢᠶᠠᠯᠲᠠᠨ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ 31 ᠤᠳᠠᠭ᠎ᠠ ᠰᠤᠷᠤᠯᠴᠠᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠲᠦᠯᠬᠢᠨ ᠠᠬᠢᠭᠤᠯᠪᠠ᠃ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠤᠬᠢᠷᠠᠭᠤᠯᠤᠯᠳᠠ ᠶᠢ ᠲᠣᠭᠲᠠᠭᠠᠵᠤ᠂ ᠱᠠᠲᠤ ᠲᠡᠰ ᠬᠤᠪᠢᠶᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠵᠦᠢᠯ ᠤᠨ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠪᠠ᠃      ᠰᠤᠷᠤᠯᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ᠂ ᠤᠯᠤᠰ ᠲᠦᠷᠦ ᠶᠢᠨ ᠰᠦᠭ ᠰᠦᠨᠡᠰᠦ ᠶᠢ ᠱᠤᠭᠤᠬᠤ ᠶᠢ ᠦᠷᠭᠦᠯᠵᠢᠯᠡᠨ ᠴᠢᠩᠭᠠᠳᠬᠠᠬᠤ ᠪᠠᠷ ᠳᠠᠮᠵᠢᠨ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ︽ᠲᠦᠷᠪᠡᠨ ᠢᠲᠡᠭᠡᠯ︾ ︽ᠲᠦᠷᠪᠡᠨ ᠤᠬᠠᠮᠰᠠᠷ︾ ᠨᠡᠩ ᠪᠠᠲᠤᠵᠢᠵᠤ᠂ ᠦᠨᠡᠨᠴᠢ ᠰᠢᠳᠤᠷᠭᠤ ᠠᠷᠢᠭᠤᠨ ᠴᠡᠪᠡᠷ ᠨᠠᠶᠢᠳᠠᠪᠤᠷᠢᠲᠠᠢ ᠤᠯᠤᠰ ᠲᠦᠷᠦ ᠶᠢᠨ ᠤᠭ ᠴᠢᠨᠠᠷ ᠢᠶᠠᠨ ᠨᠡᠩ ᠢᠯᠡ ᠲᠣᠳᠣ ᠪᠣᠯᠭᠠᠵᠠᠢ᠃      ᠦᠷ᠎ᠡ ᠪᠦᠲᠦᠭᠡᠯ ᠢ ᠤᠯᠠᠷᠢᠭᠤᠯᠤᠨ ᠦᠢᠯᠡᠳᠦᠯᠭᠡ ᠶᠢ ᠴᠢᠬᠤᠯᠠᠴᠢᠯᠠᠵᠤ᠂ ᠬᠥᠭᠵᠢᠯᠲᠡ ᠶᠢ ᠬᠠᠮᠠᠭᠠᠯᠠᠨ ᠰᠢᠨ᠎ᠡ ᠭᠠᠪᠢᠶ᠎ᠠ ᠪᠠᠶᠢᠭᠤᠯᠤᠨ᠎ᠠ      ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠵᠤ᠂ ᠮᠡᠳᠡᠬᠦ ᠢᠲᠡᠭᠡᠬᠦ ᠬᠢᠬᠦ ᠶᠢ ᠨᠢᠭᠡᠳᠭᠡᠬᠦ ᠶᠢ ᠪᠠᠷᠢᠮᠲᠠᠯᠠᠵᠤ᠂ ᠦᠨᠡᠨ ᠰᠤᠷᠬᠤ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠦᠨᠡᠨ ᠢᠲᠡᠭᠡᠬᠦ ᠪᠠᠷ ᠬᠤᠪᠢᠷᠠᠭᠤᠯᠬᠤ ᠶᠢ ᠠᠬᠢᠭᠤᠯᠵᠤ᠂ ᠦᠨᠡᠨ ᠬᠡᠷᠡᠭᠯᠡᠬᠦ ᠪᠠᠷ ᠤᠯᠠᠷᠢᠭᠤᠯᠬᠤ ᠶᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠤᠨ ᠲᠣᠭᠤᠷᠢᠨ ᠳᠤ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ ᠪᠠ ᠦᠢᠯᠡᠴᠢᠯᠡᠬᠦ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠪᠡ᠃      ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠲᠠᠢ ᠤᠶᠠᠯᠳᠤᠭᠤᠯᠤᠨ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢ ᠵᠣᠬᠢᠶᠠᠨ ᠪᠠᠶᠢᠭᠤᠯᠤᠨ ᠰᠢᠶᠠᠨ ᠤ ᠳᠣᠲᠣᠷᠠᠬᠢ ᠠᠵᠤ ᠠᠬᠤᠶᠢᠯᠠᠯ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠬᠠᠤᠯᠢᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠦᠴᠤᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠠᠭᠠᠨ ᠭᠠᠳᠠᠷᠳᠤ ᠪᠢᠴᠢᠭ︾ ᠢ ᠨᠡᠶᠢᠲᠡᠯᠡᠵᠦ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽12345︾ ᠠᠵᠢᠯ ᠤᠨ ᠲᠣᠭᠲᠠᠴᠠ ᠶᠢ ᠬᠤᠪᠢᠶᠠᠨ ᠡᠳ᠋ᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠ ᠣᠷᠣᠰᠢᠵᠤ ᠮᠡᠳᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠲᠤᠬᠠᠶ ᠰᠠᠨᠠᠭᠤᠯᠤᠮᠵᠢ ᠥᠭᠪᠡ᠃ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠬᠢᠨᠠᠨ ᠪᠠᠶᠢᠴᠠᠭᠠᠯᠲᠠ ᠶᠢ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠭᠤᠷᠪᠠᠳᠠᠬᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢᠨ ᠬᠠᠮᠢᠶᠠᠷᠤᠯᠲᠠ ᠶᠢᠨ ᠺᠣᠮᠢᠰ ᠲᠤ ᠲᠦᠰᠢᠭᠯᠡᠨ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ︽ᠳᠠᠷᠦ᠋ᠢᠬᠠᠨ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠷᠢᠮᠲᠠᠯᠠᠨ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠭᠦᠢᠴᠡᠳᠬᠡᠬᠦ ᠳᠤ ᠲᠥᠬᠦᠮ ᠦᠵᠡᠭᠦᠯᠬᠦ 6 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠶᠡᠭᠡ ᠪᠠᠷ ᠳᠥᠯᠭᠢᠨ ᠠᠬᠢᠭᠤᠯᠪᠠ᠃      ᠣᠯᠠᠨ ᠲᠦᠮᠡᠨ ᠤ ᠳᠤᠮᠳᠠ ᠭᠦᠨᠵᠡᠭᠡᠶᠢᠷᠡᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠦᠪᠯᠡᠷᠡᠭᠦᠯᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠡ      10 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠭᠠᠯ ᠤᠨᠲᠠᠷᠠᠭᠠᠬᠤ᠂ ᠵᠠᠬ᠎ᠠ ᠳᠡᠯᠭᠡᠭᠦᠷ᠂ ᠳᠣᠲᠣᠭᠠᠳᠤ ᠶᠢ ᠬᠠᠮᠠᠭᠠᠯᠠᠬᠤ ᠵᠡᠷᠭᠡ ᠨᠢᠭᠡᠴᠢ ᠰᠠᠯᠠᠭ᠎ᠠ ᠮᠥᠴᠢᠷ ᠲᠠᠢ ᠵᠣᠬᠢᠴᠠᠭᠤᠯᠤᠨ ᠦᠴᠤᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠠᠶᠢᠴᠠᠭᠠᠯᠲᠠ ᠬᠢᠬᠦ ᠶᠢᠨ ᠬᠠᠮᠲᠤ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠡᠷᠬᠢᠨ ᠲᠣᠭᠤᠷᠢᠨ ᠤ ᠰᠠᠭᠤᠭᠠᠯᠢ ᠠᠷᠠᠳ ᠢ ᠰᠤᠷᠪᠤᠯᠵᠢᠯᠠᠪᠠ᠃ ᠰᠤᠷᠪᠤᠯᠵᠢᠯᠠᠬᠤ ᠶᠠᠪᠤᠴᠠ ᠳᠤ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠺᠠᠳ᠋ᠷᠴᠤᠳ ᠬᠤᠶᠠᠳᠤᠭᠠᠷ ᠪᠠᠭ᠎ᠠ ᠰᠤᠷᠭᠠᠭᠤᠯᠢ ᠶᠢᠨ ᠬᠤᠶᠢᠲᠤ ᠲᠠᠯ᠎ᠠ ᠳᠤ ᠨᠢᠭᠡᠨ ᠬᠠᠶᠠᠭᠳᠠᠭᠰᠠᠨ ᠪᠠᠶᠢᠰᠢᠩ ᠪᠠᠶᠢᠵᠤ᠂ ᠪᠠᠶᠢᠰᠢᠩ ᠤᠨ ᠭᠤᠤᠯ ᠴᠣᠭᠴᠠ ᠶᠢ ᠨᠢᠭᠡᠨᠲᠡ ᠨᠤᠷᠠᠭᠠᠭᠰᠠᠨ ᠪᠣᠯᠪᠠᠴᠤ ᠦᠯᠡᠳᠡᠭᠰᠡᠨ ᠨᠢᠭᠡ ᠬᠡᠷᠡᠮ ᠢ ᠨᠢ ᠨᠤᠷᠠᠭᠠᠭᠰᠠᠨ ᠥᠬᠡᠶ ᠪᠣᠯᠬᠤᠷ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠪᠣᠯᠤᠨ ᠰᠤᠷᠤᠭᠴᠢᠳ ᠲᠤ ᠵᠣᠬᠢᠬᠤ ᠬᠡᠮᠵᠢᠶᠡᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠶᠢᠯᠭᠠᠪᠠ᠃ ᠡᠭᠦᠨ ᠤ ᠵᠡᠷᠭᠡᠴᠡᠭᠡᠪᠡᠷ ᠵᠠᠷᠢᠮ ᠰᠠᠭᠤᠭᠠᠯᠢ ᠠᠷᠠᠳ ᠬᠠᠶᠠᠭᠳᠠᠭᠰᠠᠨ ᠪᠠᠶᠢᠰᠢᠩ ᠢ ᠬᠤᠭ ᠨᠣᠪᠰᠢ ᠶᠢᠨ ᠤᠪᠤᠭ᠎ᠠ ᠪᠣᠯᠭᠠᠵᠤ᠂ ᠠᠰᠬᠠᠭᠰᠠᠨ ᠠᠮᠢᠳᠤᠷᠠᠯ ᠤᠨ ᠬᠤᠭ ᠨᠣᠪᠰᠢ ᠨᠢ ᠴᠦ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃      ᠡᠨᠡᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠶᠢ ᠢᠳᠡᠪᠬᠢᠲᠡᠶ ᠪᠠᠷ ᠵᠣᠬᠢᠴᠠᠭᠤᠯᠬᠤ ᠶᠢᠨ ᠬᠠᠮᠲᠤ ᠲᠤᠤᠷᠵᠢᠭᠰᠠᠨ ᠬᠠᠮᠢᠶᠠᠷᠤᠯᠲᠠ ᠶᠢᠨ ᠠᠵᠢᠯᠲᠠᠨ ᠢᠶᠠᠷ ᠳᠠᠮᠵᠢᠨ ᠲᠤᠰ ᠪᠠᠶᠢᠰᠢᠩ ᠤᠨ ᠡᠷᠦᠬᠡ ᠶᠢᠨ ᠡᠵᠡᠨ ᠲᠠᠢ ᠬᠠᠷᠢᠯᠴᠠᠵᠤ᠂ ᠢᠳᠡᠪᠬᠢᠲᠡᠶ ᠪᠠᠷ ᠵᠥᠪᠳᠡᠯᠴᠡᠵᠦ ᠪᠠᠶᠢᠭᠠᠳ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠠᠶ᠃ ᠨᠡᠪᠲᠡᠷᠡᠯᠴᠡᠨ ᠵᠣᠬᠢᠴᠠᠭᠤᠯᠬᠤ ᠶᠠᠪᠤᠴᠠ ᠳᠤ ᠣᠯᠵᠤ ᠮᠡᠳᠡᠭᠰᠡᠨ ᠨᠢ᠂ ᠬᠠᠶᠠᠭᠳᠠᠭᠰᠠᠨ ᠪᠠᠶᠢᠰᠢᠩ ᠬᠡᠷ ᠤᠨ ᠦᠯᠡᠳᠡᠭᠰᠡᠨ ᠬᠡᠷᠡᠮ ᠨᠢ ᠣᠶᠢᠷ᠎ᠠ ᠬᠠᠪᠢ ᠶᠢᠨ ᠠᠶᠢᠯ ᠡᠷᠦᠬᠡ ᠶᠢᠨ ᠬᠡᠷ ᠪᠠᠶᠢᠰᠢᠩ ᠲᠠᠢ ᠬᠤᠯᠪᠣᠯᠳᠤᠵᠤ ᠪᠠᠶᠢᠳᠠᠭ᠂ ᠬᠡᠷᠪᠡ ᠨᠤᠷᠠᠭᠠᠪᠠᠯ ᠬᠥᠷᠰᠢ ᠵᠡᠷᠭᠡᠯᠡᠳᠡᠭᠡ ᠶᠢᠨ ᠬᠡᠷ ᠪᠠᠶᠢᠰᠢᠩ ᠤᠨ ᠬᠡᠷᠡᠮ ᠢ ᠨᠤᠷᠠᠭᠠᠬᠤ ᠳᠤ ᠬᠦᠷᠦᠭᠦᠯᠵᠦ ᠮᠡᠳᠡᠨ᠎ᠡ᠃ ᠡᠴᠦᠰ ᠲᠤ᠂ ᠡᠷᠦᠬᠡ ᠶᠢᠨ ᠡᠵᠡᠨ ᠪᠣᠯᠤᠨ ᠡᠷᠭᠢᠨ ᠲᠣᠭᠤᠷᠢᠨ ᠤ ᠰᠠᠭᠤᠭᠠᠯᠢ ᠠᠷᠠᠳ ᠲᠠᠢ ᠵᠥᠪᠳᠡᠯᠴᠡᠬᠦ ᠪᠠᠷ ᠳᠡᠮᠵᠢᠨ᠂ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠪᠣᠯᠤᠨ ᠣᠷᠣᠵᠤ ᠭᠠᠷᠬᠤ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠤᠭ ᠨᠣᠪᠰᠢ ᠶᠢ ᠴᠡᠪᠡᠷᠯᠡᠭᠰᠡᠨ ᠪᠥᠭᠡᠳ ᠬᠠᠶᠠᠭᠳᠠᠭᠰᠠᠨ ᠪᠠᠶᠢᠰᠢᠩ ᠤᠨ ᠡᠷᠭᠢᠨ ᠲᠣᠭᠤᠷᠢᠨ ᠳᠤ ᠲᠤᠰᠠᠭᠠᠷᠯᠠᠨ ᠪᠦᠰᠡᠯᠡᠵᠦ᠂ ᠡᠨᠡᠬᠦ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠪᠠᠰᠠ ᠡᠯ᠎ᠡ ᠨᠢᠭᠡᠴᠢ ᠶᠢ ᠵᠣᠬᠢᠴᠠᠭᠤᠯᠤᠨ ᠥᠷᠭᠡᠨ ᠣᠯᠠᠨ ᠺᠠᠳ᠋ᠷ ᠴᠠᠭᠳᠠᠭ᠎ᠠ ᠪᠣᠯᠤᠨ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠵᠥᠷᠢᠴᠡᠯ ᠵᠢᠭᠤᠷᠠᠯᠳᠤᠭᠠᠨ ᠢ ︽ᠶᠡᠬᠡᠪᠡᠷ ᠰᠤᠷᠪᠤᠯᠵᠢᠯᠠᠬᠤ᠂ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠰᠢᠢᠳᠪᠦᠷᠢᠯᠡᠬᠦ︾ ᠲᠤᠰᠬᠠᠶ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠤ ᠰᠦᠪᠡᠭᠴᠢ ᠶᠢ ᠴᠠᠭ ᠲᠤᠬᠠᠶ ᠳᠤᠨᠢ ᠢᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ︽ᠪᠦᠯᠬᠦᠮ ᠮᠠᠶ᠋ᠢᠭ︾ ᠢᠶᠠᠷ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠵᠥᠷᠢᠴᠡᠯ ᠳᠤ ᠠᠵᠢᠯ ᠤᠨ ᠨᠠᠷᠢᠨ ᠬᠠᠭᠤᠳᠠᠰᠤ ᠪᠠᠶᠢᠭᠤᠯᠵᠤ᠂ ᠴᠠᠭ ᠲᠤᠬᠠᠶ ᠳᠤᠨᠢ ᠰᠢᠢᠳᠪᠦᠷᠢᠯᠡᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ︽ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ︾ ᠶᠢ ᠦᠨᠡᠨᠬᠦ ᠪᠠᠲᠤᠯᠠᠨ᠎ᠠ᠃ ᠣᠲᠣ ᠪᠣᠯᠲᠠᠯ᠎ᠠ᠂ ᠨᠡᠶᠢᠲᠡ 631 ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠭᠠᠷᠭᠠᠵᠤ᠂ 613 ᠬᠡᠷᠡᠭ ᠢ ᠠᠮᠵᠢᠯᠲᠠ ᠲᠠᠢ ᠪᠠᠷ ᠰᠢᠢᠳᠪᠦᠷᠢᠯᠡᠨ᠂ ᠰᠢᠢᠳᠪᠦᠷᠢᠯᠡᠭᠰᠡᠨ ᠨᠣᠷᠮ᠎ᠠ ᠨᠢ 96.8% ᠳᠤ ᠬᠦᠷᠴᠡᠶ᠃      ᠳᠠᠷᠠᠭᠠᠴᠢ ᠶᠢᠨ ᠠᠯᠬᠤᠮ ᠳᠤ᠂ ᠦᠴᠤᠸᠠᠨ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠵᠤ᠂ ᠮᠡᠳᠡᠬᠦ ᠢᠲᠡᠭᠡᠬᠦ ᠬᠢᠬᠦ ᠶᠢ ᠨᠢᠭᠡᠳᠭᠡᠬᠦ ᠶᠢ ᠪᠠᠷᠢᠮᠲᠠᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠢᠨ᠎ᠡ ᠰᠤᠷᠲᠠᠯ ᠢ ᠲᠠᠰᠤᠷᠠᠯᠲᠠ ᠦᠭᠡᠢ ᠪᠠᠳᠠᠷᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠳᠠᠪᠤᠷᠢ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠦᠴᠤᠸᠠᠨ ᠢ ᠪᠦᠳᠦᠭᠡᠨ ᠪᠠᠶᠢᠭᠤᠯᠬᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠤᠯᠤᠰ ᠲᠦᠷᠦ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号