800 ᠭᠠᠷᠤᠢ ᠲᠥᠷᠥᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠴᠤᠭᠯᠠᠭᠠᠨ ᠳᠤ ᠣᠷᠣᠯᠴᠠᠯ᠎ᠠ
ᠨᠡᠶᠢᠲᠡᠯᠡᠭᠰᠡᠨ ᠴᠠᠭ᠄
2023/11/14
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ 9 ᠤ ᠡᠳᠦᠷ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠴᠢᠩᠳᠣᠣ ᠬᠤᠲᠠ ᠶᠢᠨ ᠳᠤᠮᠳᠠᠳᠤ ᠤᠯᠤᠰ ᠤᠨ ᠲᠡᠮᠦᠷ ᠵᠠᠮ ᠤᠨ ᠳᠡᠯᠡᠬᠡᠢ ᠶᠢᠨ ᠦᠵᠡᠰᠭᠦᠯᠡᠩ ᠤᠨ ᠬᠤᠲᠠ ᠳᠤ ᠡᠬᠢᠯᠡᠵᠦ᠂ ᠮᠠᠨ ᠤ ᠣᠷᠣᠨ ᠤ 800 ᠭᠠᠷᠤᠢ ᠲᠦᠷᠦᠯ ᠤᠨ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠪᠦᠯᠭᠦᠮ︾ ᠴᠤᠭᠯᠠᠭᠠᠨ ᠳᠤ ᠣᠷᠣᠯᠴᠠᠪᠠ᠃      ᠲᠤᠰ ᠬᠤᠭᠤᠴᠠᠭᠠᠨ ᠤ ᠴᠤᠭᠯᠠᠭᠠᠨ ᠨᠢ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠦᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾ ᠭᠡᠬᠦ ᠭᠤᠣᠯ ᠰᠡᠳᠦᠪ ᠢᠶᠠᠷ 4 ᠡᠳᠦᠷ ᠶᠠᠪᠤᠭᠳᠠᠵᠤ᠂ ᠦᠵᠡᠭᠦᠯᠭᠡ ᠶᠢᠨ ᠲᠠᠯᠠᠪᠠᠢ 12 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ ᠠᠮᠤ ᠪᠤᠳᠠᠭ᠎ᠠ᠂ ᠵᠢᠮᠢᠰ ᠨᠣᠭᠤᠭ᠎ᠠ᠂ ᠮᠠᠯ ᠵᠢᠭᠦᠷᠲᠡᠨ᠂ ᠤᠰᠤᠨ ᠭᠠᠷᠤᠯᠲᠠ᠂ ᠴᠠᠢ᠂ ᠲᠠᠷᠢᠶᠠᠯᠠᠩ ᠤᠨ ᠭᠠᠷᠤᠯᠲᠠ ᠶᠢᠨ ᠲᠡᠮᠳᠡᠭ᠂ ᠠᠲᠠᠷ ᠬᠠᠭᠠᠯᠪᠤᠷᠢᠯᠠᠯᠲᠠ᠂ ᠲᠠᠷᠢᠶᠠᠯᠠᠩ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠵᠡᠷᠭᠡ ᠶᠢᠨ 11 ᠲᠣᠭᠤᠷᠢᠭ ᠲᠣᠬᠢᠷᠠᠭᠤᠯᠪᠠ᠃ ᠮᠠᠨ ᠤ ᠣᠷᠣᠨ ᠤ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠰ ᠲᠣᠰ ᠲᠦᠷᠦᠯ ᠲᠡᠮᠳᠡᠭ᠂ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠪᠠ ᠠᠲᠠᠷ ᠬᠠᠭᠠᠯᠪᠤᠷᠢᠯᠠᠯᠲᠠ ᠵᠡᠷᠭᠡ 3 ᠲᠣᠭᠤᠷᠢᠭ ᠲᠤ ᠳᠡᠯᠭᠡᠨ ᠦᠵᠡᠭᠦᠯᠪᠡ᠃      ᠡᠨᠡ ᠵᠢᠯ ᠤᠨ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ ᠪᠦᠭᠦ ᠠᠵᠤ ᠦᠢᠯᠡᠰ ᠤᠨ ᠬᠡᠯᠬᠢᠶ᠎ᠡ᠂ ᠪᠦᠭᠦ ᠲᠦᠷᠦᠯ ᠵᠦᠢᠯ᠂ ᠪᠦᠭᠦ ᠦᠵᠡᠮᠵᠢ ᠶᠢᠨ ᠮᠠᠶ᠋ᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠴᠤᠭᠯᠠᠭᠠᠨ ᠪᠣᠯᠤᠭᠰᠠᠨ ᠤ ᠬᠤᠪᠢ ᠳᠤ᠂ ᠲᠤᠰ ᠴᠤᠭᠯᠠᠭᠠᠨ ᠨᠢ ᠲᠠᠷᠢᠶᠠᠯᠠᠩ ᠤᠨ ᠮᠡᠷᠭᠡᠵᠢᠯ ᠤᠨ ᠰᠢᠨ᠎ᠡ ᠦᠷ᠎ᠡ ᠪᠦᠲᠦᠭᠡᠯ᠂︽ᠨᠡᠷᠡᠳᠦ ᠰᠢᠯᠢᠳᠡᠭ ᠣᠨᠴᠠ︾ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠦᠵᠡᠭᠦᠯᠭᠡ ᠶᠢᠨ ᠲᠠᠪᠴᠠᠩ ᠪᠣᠯᠤᠭᠰᠠᠨ ᠪᠠᠶᠢᠨ᠎ᠠ᠃ ᠮᠠᠨ ᠤ ᠣᠷᠣᠨ ᠤ ᠲᠦᠷᠦᠯ ᠲᠡᠮᠳᠡᠭ ᠤᠨ ᠦᠵᠡᠭᠦᠯᠭᠡ ᠶᠢᠨ ᠲᠢᠩᠬᠢᠮ ᠳᠤ ︽ᠠᠮᠤ ᠪᠤᠳᠠᠭᠠᠨ ᠤ ᠬᠥᠮᠥᠷᠭᠡ︾᠂︽ᠮᠢᠬᠠᠨ ᠤ ᠬᠥᠮᠥᠷᠭᠡ︾᠂ ︽ᠰᠦ ᠶᠢᠨ ᠬᠥᠨᠥᠭ︾᠂ ︽ᠨᠣᠣᠯᠣᠭᠤᠷ ᠤᠨ ᠬᠤᠲᠠ︾ ᠪᠣᠯᠣᠨ ᠣᠨᠴᠠᠯᠢᠭᠲᠤ ᠲᠠᠪᠤᠨ ᠶᠡᠭᠡ ᠦᠵᠡᠭᠦᠯᠭᠡ ᠶᠢᠨ ᠲᠣᠭᠤᠷᠢᠭ ᠭᠠᠷᠭᠠᠵᠤ᠂ ᠰᠢᠯᠢ ᠶᠢᠨ ᠭᠤᠣᠯ ᠤᠨ ᠬᠤᠨᠢᠨ ᠮᠢᠬ᠎ᠠ᠂ ᠣᠨᠴᠠᠯᠢᠭᠲᠤ ᠴᠠᠭᠠᠨ ᠢᠳᠡᠭᠡᠨ᠂ ᠬᠤᠷᠴᠢᠨ ᠦᠬᠡᠷ ᠤᠨ ᠮᠢᠬ᠎ᠠ᠂ ᠤᠯᠠᠭᠠᠨᠬᠠᠳᠠ ᠶᠢᠨ ᠨᠠᠷᠢᠮᠤ᠂ ᠤᠯᠠᠭᠠᠨᠴᠠᠪ ᠤᠨ ᠲᠥᠮᠥᠰᠥ᠂ ᠪᠣᠷᠣᠳᠣᠬᠤᠢ ᠶᠢᠨ ᠰᠢᠷᠢᠰ ᠪᠦᠲᠦᠭᠡᠭᠳᠡᠬᠦᠨ᠂ ᠠᠯᠠᠱᠠ ᠶᠢᠨ ᠲᠡᠮᠡᠭᠡᠨ ᠤ ᠰᠢᠷᠢᠰ ᠪᠦᠲᠦᠭᠡᠭᠳᠡᠬᠦᠨ ᠵᠡᠷᠭᠡ ᠣᠨᠴᠠᠯᠢᠭᠲᠤ ᠪᠦᠲᠦᠭᠡᠭᠳᠡᠬᠦᠨ ᠪᠣᠯᠣᠨ ᠲᠥᠯᠥᠭᠡᠯᠡᠬᠦ ᠴᠢᠨᠠᠷᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠪᠠᠭᠲᠠᠭᠠᠪᠠ᠃ ᠲᠠᠸᠠᠷ ᠤᠨ ᠲᠥᠷᠥᠯ ᠵᠦᠢᠯ ᠨᠠᠩ ᠲᠥᠪᠯᠡᠷᠡᠩᠭᠦᠢ᠂ ᠶᠠᠰᠤ ᠴᠢᠨᠠᠷ ᠨᠠᠩ ᠰᠢᠯᠢᠳᠡᠭ᠂ ᠪᠦᠲᠦᠭᠡᠭᠳᠡᠬᠦᠨ ᠨᠠᠩ ᠥᠪᠡᠷᠮᠢᠴᠡ ᠣᠨᠴᠠᠯᠢᠭ ᠲᠠᠢ ᠪᠣᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠦᠷᠢ ᠲᠥᠷᠬᠦ ᠶᠢ ᠭᠦᠢᠴᠡᠳ ᠢᠯᠡᠷᠡᠭᠦᠯᠪᠡ᠃      ᠴᠤᠭᠯᠠᠭᠠᠨ ᠤ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠠᠰᠠ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︵ᠴᠢᠩᠳᠣᠣ︶ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠤᠨ ᠲᠠᠨᠢᠯᠴᠠᠭᠤᠯᠬᠤ ᠬᠤᠷᠠᠯ᠂ 2023 ᠣᠨ ᠤ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠬᠤᠷᠠᠯ᠂ ᠲᠠᠷᠢᠶᠠᠯᠠᠩ ᠮᠠᠯ ᠠᠵᠤ ᠠᠬᠤᠢ ᠶᠢᠨ ᠶᠠᠷᠢᠯᠴᠠᠨ ᠰᠣᠯᠢᠯᠴᠠᠬᠤ ᠬᠤᠷᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠭᠢᠯᠡᠪᠡ᠃ ᠡᠨᠡ ᠬᠤᠭᠤᠴᠠᠭᠠᠨ ᠳᠤ ᠵᠢᠴᠢ ᠬᠤᠷᠠᠯ ᠤᠨ ᠳᠠᠷᠠᠭ᠎ᠠ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠭᠦᠳᠡᠯ ᠦᠵᠡᠭᠦᠯᠭᠡ ᠶᠢᠨ ᠲᠢᠩᠬᠢᠮ ᠤᠨ ᠬᠠᠮ ᠲᠡᠷᠭᠡ ᠱᠠᠨᠳᠦ᠋ᠩ ᠮᠤᠵᠢ ᠶᠢᠨ ᠵᠢᠨᠠᠨ ᠬᠤᠲᠠ᠂ ᠴᠢᠩᠳᠣᠣ ᠬᠤᠲᠠ᠂ ᠶᠠᠨᠲᠠᠢ ᠬᠤᠲᠠ ᠵᠡᠷᠭᠡ ᠭᠠᠵᠠᠷ ᠢᠶᠠᠷ ᠲᠣᠭᠤᠷᠢᠨ ᠦᠵᠡᠭᠦᠯᠵᠦ᠂ ᠮᠠᠨ ᠤ ᠣᠷᠣᠨ ᠤ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠭᠦ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号