ᠮᠠᠨ ᠤ ᠣᠷᠣᠨ ᠤ ᠣᠯᠠᠨ ᠤᠯᠤᠰ ᠤᠨ ᠵᠠᠮ ᠲᠡᠭᠡᠭᠡᠪᠦᠷᠢ ᠠᠷᠪᠠᠨ ᠵᠢᠯ ᠳᠤ 2.83 ᠳ᠋ᠦᠩᠰᠢᠭᠤᠷ ᠲᠣᠨ ᠪᠠᠷᠠᠭ᠎ᠠ ᠲᠡᠭᠡᠭᠡᠪᠦᠷᠢᠯᠡᠵᠡᠢ
ᠨᠡᠶᠢᠲᠡᠯᠡᠭᠰᠡᠨ ᠴᠠᠭ᠄
2023/11/14
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠴᠠ ᠨᠠᠭᠠᠰᠢᠬᠢ ᠠᠷᠪᠠᠨ ᠵᠢᠯ ᠳᠤ ᠪᠦᠭᠦ ᠣᠷᠣᠨ ᠤ ᠣᠯᠠᠨ ᠤᠯᠤᠰ ᠤᠨ ᠵᠠᠮ ᠲᠡᠭᠡᠭᠡᠪᠦᠷᠢ ᠶᠢᠨ ᠪᠡᠶᠡᠯᠡᠭᠦᠯᠦᠭᠰᠡᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2.83 ᠳ᠋ᠦᠩᠰᠢᠭᠤᠷ ᠲᠣᠨ᠂ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 101.7 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ ᠲᠤᠰ ᠲᠤᠰ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠴᠠ ᠡᠮᠦᠨᠡᠬᠢ ᠠᠷᠪᠠᠨ ᠵᠢᠯ ᠤᠨ 3.35 ᠳᠠᠭᠢᠨ ᠪᠠ 2.79 ᠳᠠᠭᠢᠨ ᠪᠣᠯᠪᠠ᠃      ᠮᠠᠨ ᠤ ᠣᠷᠣᠨ ᠤ ᠣᠯᠠᠨ ᠤᠯᠤᠰ ᠤᠨ ᠵᠠᠮ ᠲᠡᠭᠡᠭᠡᠪᠦᠷᠢ ᠶᠢᠨ ᠬᠠᠮᠤᠭ ᠤᠨ ᠶᠡᠭᠡ ᠣᠨᠴᠠᠯᠢᠭ ᠪᠣᠯ ᠮᠣᠩᠭᠤᠯ ᠪᠠ ᠣᠷᠣᠰ ᠯᠤᠭ᠎ᠠ ᠶᠢᠨ ᠡᠨᠧᠷᠭᠢ ᠠᠭᠤᠷᠬᠠᠢ ᠶᠢᠨ ᠭᠠᠷᠤᠯᠲᠠ ᠶᠢᠨ ᠠᠷᠠᠯᠵᠢᠶ᠎ᠠ ᠳᠤ ᠦᠢᠯᠡᠴᠢᠯᠡᠬᠦ ᠶᠠᠪᠤᠳᠠᠯ ᠪᠣᠯᠣᠨ᠎ᠠ᠃ ᠤᠳᠤ ᠮᠠᠨ ᠤ ᠣᠷᠣᠨ ᠤ ᠮᠣᠩᠭᠤᠯ ᠪᠠ ᠣᠷᠣᠰ ᠯᠤᠭ᠎ᠠ ᠵᠥᠪᠯᠡᠯᠴᠡᠭᠡᠷ ᠲᠣᠭᠲᠠᠭᠰᠠᠨ ᠣᠯᠠᠨ ᠤᠯᠤᠰ ᠤᠨ ᠵᠠᠮ ᠲᠡᠭᠡᠭᠡᠪᠦᠷᠢ ᠶᠢᠨ ᠠᠶᠠᠨᠴᠢᠨ ᠤ ᠵᠥᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠱᠤᠭᠤᠮ ᠨᠡᠶᠢᠲᠡ 42 ᠵᠤᠷᠪᠤᠰ ᠪᠠᠶᠢᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠭᠤᠣᠯᠳᠠᠯᠭ᠎ᠠ ᠲᠠᠢ ᠬᠤᠲᠠ ᠪᠠᠷ ᠲᠥᠪ ᠪᠤᠯᠭᠠᠬᠰᠠᠨ᠂ ᠬᠢᠯᠢ  ᠶᠢᠨ ᠪᠣᠭᠤᠮᠲᠠ ᠪᠠᠷ ᠵᠠᠩᠭᠢᠯᠠᠭ᠎ᠠ ᠶᠢᠨ ᠴᠡᠭ ᠪᠤᠯᠭᠠᠬᠰᠠᠨ᠂ ᠮᠣᠩᠭᠤᠯ ᠪᠠ ᠣᠷᠣᠰ ᠤᠨ ᠬᠢᠯᠢ ᠳᠠᠭᠠᠤ ᠣᠷᠣᠨ ᠤ ᠭᠤᠣᠯᠳᠠᠯᠭ᠎ᠠ ᠲᠠᠢ ᠬᠤᠲᠠ᠂ ᠭᠤᠣᠯᠳᠠᠯᠭ᠎ᠠ ᠲᠠᠢ ᠠᠭᠤᠷᠬᠠᠢ ᠶᠢᠨ ᠣᠷᠣᠨ ᠢ ᠬᠠᠮᠤᠷᠤᠭᠰᠠᠨ᠂ ᠳᠣᠲᠣᠷ ᠭᠠᠵᠠᠷ ᠲᠡᠶᠢᠰᠢ ᠲᠠᠰᠤᠷᠠᠯᠲᠠ ᠦᠭᠡᠢ ᠤᠷᠲᠤᠳᠬᠠᠭᠰᠠᠨ ᠵᠠᠮ ᠲᠡᠭᠡᠭᠡᠪᠦᠷᠢ ᠶᠢᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠪᠡ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠨᠢ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠶᠡᠭᠡ ᠪᠠᠶᠢᠷᠢᠰᠢᠯ ᠤᠨ ᠪᠦᠷᠢᠯᠳᠦᠯ ᠢ ᠲᠦᠷᠭᠡᠳᠬᠡᠭᠰᠡᠨ ᠢᠶᠠᠷ ᠪᠠᠷᠠᠬᠤ ᠦᠭᠡᠢ ᠮᠠᠨ ᠤ ᠣᠷᠣᠨ ᠤ ᠣᠯᠠᠨ ᠤᠯᠤᠰ  ᠤᠨ ᠵᠠᠮ ᠲᠡᠭᠡᠭᠡᠪᠦᠷᠢ ᠶᠢᠨ ᠲᠦᠷᠭᠡᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号