ᠮᠠᠨ ᠤ ᠣᠷᠣᠨ ᠤ 4 ᠬᠡᠷᠡᠭ ᠤᠨ ᠵᠢᠱᠢᠶ᠎ᠡ ᠶᠠᠳᠠᠭᠤᠷᠠᠯ ᠢ ᠪᠠᠭᠠᠰᠬᠠᠭᠰᠠᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/11/14
     ᠣᠶᠢᠷ᠎ᠠ ᠳᠤ᠂ 2023 ᠪᠦᠭᠦ ᠳᠡᠯᠡᠬᠡᠢ ᠶᠢᠨ ᠶᠠᠳᠠᠭᠤᠷᠠᠯ ᠢ ᠪᠠᠭᠠᠰᠬᠠᠬᠤ ᠬᠠᠨᠢᠲᠠᠨ ᠤ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ ᠶᠠᠪᠤᠭᠳᠠᠵᠤ᠂ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠳᠥᠷᠪᠡᠳᠦᠭᠡᠷ ᠬᠤᠭᠤᠴᠠᠭᠠᠨ ᠤ ᠪᠦᠭᠦ ᠳᠡᠯᠡᠬᠡᠢ ᠶᠢᠨ ᠶᠠᠳᠠᠭᠤᠷᠠᠯ ᠢ ᠪᠠᠭᠠᠰᠬᠠᠬᠤ ᠬᠡᠷᠡᠭ ᠤᠨ ᠵᠢᠱᠢᠶ᠎ᠡ ᠡᠯᠰᠡᠬᠦ ᠠᠵᠢᠯᠯᠠᠭ᠎ᠠ ᠶᠢᠨ ᠱᠠᠩᠨᠠᠯ ᠣᠯᠣᠭᠰᠠᠨ ᠬᠡᠷᠡᠭ ᠤᠨ ᠵᠢᠱᠢᠶ᠎ᠡ ᠶᠢᠨ ᠨᠡᠷᠡᠰ ᠢ ᠨᠡᠶᠢᠲᠡᠯᠡᠪᠡ᠃ ᠮᠠᠨ ᠤ ᠣᠷᠣᠨ ᠤ 4 ᠬᠡᠷᠡᠭ ᠤᠨ ᠵᠢᠱᠢᠶ᠎ᠡ︽ᠳᠥᠷᠪᠡᠳᠦᠭᠡᠷ ᠬᠤᠭᠤᠴᠠᠭᠠᠨ ᠤ ᠪᠦᠭᠦ ᠪᠥᠮᠪᠥᠷᠴᠡᠭ ᠤᠨ ᠶᠠᠳᠠᠭᠤᠷᠠᠯ ᠢ ᠪᠠᠭᠠᠰᠬᠠᠭᠰᠠᠨ ᠬᠡᠷᠡᠭ ᠤᠨ ᠵᠢᠱᠢᠶ᠎ᠡ ᠡᠯᠰᠡᠬᠦ ᠠᠵᠢᠯᠯᠠᠭ᠎ᠠ︾ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠭᠰᠠᠨ ᠬᠠᠮᠤᠭ ᠤᠨ ᠰᠠᠶᠢᠨ ᠬᠡᠷᠡᠭ ᠤᠨ ᠵᠢᠱᠢᠶ᠎ᠡ ᠳᠤ ᠰᠣᠩᠭᠤᠭᠳᠠᠵᠤ᠂ ᠨᠠᠨ ᠨᠠᠨ ᠬᠠᠮᠲᠤᠷᠠᠯᠴᠠᠭᠠᠨ ᠤ ᠶᠠᠳᠠᠭᠤᠷᠠᠯ ᠢ ᠪᠠᠭᠠᠰᠬᠠᠬᠤ ᠮᠡᠳᠡᠯᠭᠡ ᠶᠢ ᠬᠤᠪᠢᠶᠠᠯᠴᠠᠬᠤ ᠰᠦᠯᠵᠢᠶ᠎ᠡ - ᠳᠤᠮᠳᠠᠳᠤ ᠭᠠᠳᠠᠭᠠᠳᠤ ᠶᠢᠨ ᠶᠠᠳᠠᠭᠤᠷᠠᠯ ᠢ ᠪᠠᠭᠠᠰᠬᠠᠬᠤ ᠬᠡᠷᠡᠭ ᠤᠨ ᠵᠢᠱᠢᠶ᠎ᠡ ᠶᠢᠨ ᠬᠥᠮᠥᠷᠭᠡ ᠵᠢᠴᠢ ᠰᠦᠯᠵᠢᠶᠡᠨ ᠳᠡᠭᠡᠷᠡᠬᠢ ᠬᠤᠪᠢᠶᠠᠨ ᠡᠳ᠋ᠯᠡᠬᠦ ᠲᠠᠪᠴᠠᠩ ᠳᠤ ᠣᠷᠣᠪᠠ᠃      ᠰᠣᠩᠭᠤᠭᠳᠠᠭᠰᠠᠨ ᠬᠡᠷᠡᠭ ᠤᠨ ᠵᠢᠱᠢᠶ᠎ᠡ ᠨᠢ ᠲᠣᠰ ᠲᠣᠰ᠄︽ᠵᠢᠵᠢᠭ ᠡᠮ ᠤᠨ ᠬᠠᠶᠢᠷᠴᠠᠭ ᠮᠠᠯᠴᠢᠳ ᠤᠨ ᠶᠡᠭᠡ ᠡᠷᠡᠭᠦᠯ ᠮᠡᠨᠳᠦ ᠶᠢ ᠠᠴᠢᠶᠠᠯᠠᠵᠤ ᠪᠠᠶᠢᠨ᠎ᠠ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠮᠡᠨᠳᠦ ᠪᠠᠷ ᠬᠠᠪᠰᠤᠷᠤᠨ ᠲᠡᠳᠬᠦᠭᠰᠡᠨ ᠬᠡᠷᠡᠭ ᠤᠨ ᠵᠢᠱᠢᠶ᠎ᠡ︾᠂ ︽ᠠᠯᠲᠠᠨ ᠲᠠᠯ᠎ᠠ ᠶᠢᠨ ᠬᠤ᠋ ᠶᠠᠩ ᠬᠤᠨᠢ ᠡᠮᠦᠨ᠎ᠡ ᠤᠮᠠᠷ᠎ᠠ ᠶᠢ ᠬᠤᠯᠪᠣᠨ᠂ ᠲᠠᠷᠢᠶᠠᠴᠢᠨ ᠠᠵᠤ ᠠᠬᠤᠶᠢᠯᠠᠯ ᠬᠠᠮᠲᠤ ᠪᠠᠷ ᠠᠰᠢᠭ ᠬᠦᠷᠲᠡᠵᠦ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︿ᠬᠤᠨᠢᠨ ᠤ ᠬᠤᠯᠪᠣᠭᠠᠲᠤ ᠴᠣᠭᠴᠠ﹀ ᠨᠢ ᠠᠷᠠᠳ ᠢ ᠪᠠᠶᠠᠵᠢᠭᠤᠯᠤᠨ ᠲᠣᠰᠬᠤᠨ ᠢ ᠬᠦᠴᠦᠷᠬᠡᠭᠵᠢᠭᠦᠯᠬᠦ ᠬᠦᠰᠡᠯ ᠵᠡᠭᠦᠳᠦ ᠶᠢ ᠲᠤᠯᠭᠠᠭᠤᠷᠢᠯᠠᠵᠤ ᠪᠠᠶᠢᠨ᠎ᠠ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠳ ᠤᠨ ᠬᠤᠶᠢᠲᠤ ᠬᠤᠰᠢᠭᠤᠨ ᠤ ᠶᠠᠳᠠᠭᠤᠷᠠᠯ ᠢ ᠪᠠᠭᠠᠰᠬᠠᠭᠰᠠᠨ ᠬᠡᠷᠡᠭ ᠤᠨ ᠵᠢᠱᠢᠶ᠎ᠡ︾᠂︽︿ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ + ᠮᠥᠩᠭᠦᠨ ᠭᠦᠢᠯᠭᠡᠭᠡᠨ ᠤ ᠳᠡᠮᠵᠢᠯᠭᠡ﹀ ᠨᠢ ᠦᠬᠡᠷ ᠤᠨ ᠠᠵᠤ ᠦᠢᠯᠡᠰ ᠢ ᠲᠤᠯᠭᠠᠭᠤᠷᠢᠯᠠᠵᠤ ᠪᠠᠶᠢᠨ᠎ᠠ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ ᠬᠤᠰᠢᠭᠤᠨ ᠤ ᠶᠠᠳᠠᠭᠤᠷᠠᠯ ᠢ ᠪᠠᠭᠠᠰᠬᠠᠭᠰᠠᠨ ᠬᠡᠷᠡᠭ ᠤᠨ ᠵᠢᠱᠢᠶ᠎ᠡ︾᠂ ︽ᠬᠥᠲᠥᠴᠢ ᠠᠵᠤ ᠠᠬᠤᠶᠢᠯᠠᠯ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠮᠠᠶ᠋ᠢᠭ ᠢᠶᠠᠷ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠷᠢᠶ᠎ᠡ ᠬᠤᠰᠢᠭᠤᠨ ᠤ ᠶᠠᠳᠠᠭᠤᠷᠠᠯ ᠢ ᠪᠠᠭᠠᠰᠬᠠᠭᠰᠠᠨ ᠬᠡᠷᠡᠭ ᠤᠨ ᠵᠢᠱᠢᠶ᠎ᠡ︾ ᠵᠡᠷᠭᠡ ᠪᠣᠯᠣᠨ᠎ᠠ᠃      ︽ᠳᠥᠷᠪᠡᠳᠦᠭᠡᠷ ᠬᠤᠭᠤᠴᠠᠭᠠᠨ ᠤ ᠪᠦᠭᠦ ᠪᠥᠮᠪᠥᠷᠴᠡᠭ ᠤᠨ ᠶᠠᠳᠠᠭᠤᠷᠠᠯ ᠢ ᠪᠠᠭᠠᠰᠬᠠᠬᠤ ᠬᠡᠷᠡᠭ ᠤᠨ ᠵᠢᠱᠢᠶ᠎ᠡ ᠡᠯᠰᠡᠬᠦ ᠠᠵᠢᠯᠯᠠᠭ᠎ᠠ︾ ᠶᠢ ᠳᠤᠮᠳᠠᠳᠤ ᠤᠯᠤᠰ ᠤᠨ ᠣᠯᠠᠨ ᠤᠯᠤᠰ ᠤᠨ ᠶᠠᠳᠠᠭᠤ ᠶᠢ ᠲᠡᠳᠬᠦᠬᠦ ᠲᠥᠪ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠥᠪ᠂ ᠳᠡᠯᠡᠬᠡᠢ ᠶᠢᠨ ᠪᠠᠩᠬᠢ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠵᠢᠴᠢ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ᠂ ᠣᠯᠠᠨ ᠤᠯᠤᠰ ᠤᠨ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠮᠥᠩᠭᠦ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ ᠠᠮᠤ ᠪᠤᠳᠠᠭᠠᠨ ᠤ ᠲᠥᠯᠥᠪᠯᠡᠭᠡ ᠶᠢᠨ ᠵᠠᠬᠢᠷᠭ᠎ᠠ᠂ ᠠᠽᠢᠶ᠎ᠠ ᠲᠢᠪ ᠤᠨ ᠨᠡᠭᠡᠭᠡᠨ ᠬᠥᠭᠵᠢᠭᠦᠯᠬᠦ ᠪᠠᠩᠬᠢ ᠶᠢᠨ 7 ᠪᠠᠶᠢᠭᠤᠯᠤᠮᠵᠢ ᠬᠠᠮᠲᠤᠷᠠᠨ ᠡᠬᠢᠯᠡᠭᠦᠯᠵᠦ᠂ ᠨᠡᠶᠢᠲᠡ 898 ᠬᠡᠷᠡᠭ ᠤᠨ ᠵᠢᠱᠢᠶ᠎ᠡ ᠡᠯᠰᠡᠵᠦ᠂ ᠬᠡᠷᠡᠭ ᠤᠨ ᠵᠢᠱᠢᠶ᠎ᠡ ᠶᠢᠨ ᠭᠠᠵᠠᠷ ᠨᠢ 32 ᠤᠯᠤᠰ ᠪᠠ ᠭᠠᠵᠠᠷ ᠣᠷᠣᠨ ᠳᠤ ᠬᠤᠯᠪᠣᠭᠳᠠᠵᠤ᠂ ᠡᠴᠦᠰ ᠲᠡᠭᠡᠨ 104 ᠬᠠᠮᠤᠭ ᠤᠨ ᠰᠠᠶᠢᠨ ᠬᠡᠷᠡᠭ ᠤᠨ ᠵᠢᠱᠢᠶ᠎ᠡ ᠶᠢ ᠰᠢᠯᠭᠠᠷᠠᠭᠤᠯᠤᠨ ᠭᠠᠷᠭᠠᠪᠠ᠃ ᠲᠤᠰ ᠠᠵᠢᠯᠯᠠᠭ᠎ᠠ ᠨᠢ ᠬᠡᠷᠡᠭ ᠤᠨ ᠵᠢᠱᠢᠶ᠎ᠡ ᠪᠠᠷ ᠠᠴᠢᠶᠠᠯᠠᠪᠤᠷᠢ ᠪᠤᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠶᠠᠳᠠᠭᠤᠷᠠᠯ ᠢ ᠪᠠᠭᠠᠰᠬᠠᠬᠤ ᠠᠮᠵᠢᠯᠲᠠ ᠲᠠᠢ ᠦᠢᠯᠡᠳᠦᠯᠭᠡ ᠶᠢ ᠳᠡᠯᠭᠡᠷᠡᠭᠦᠯᠦᠨ ᠬᠤᠪᠢᠶᠠᠯᠴᠠᠬᠤ ᠶᠢᠨ ᠲᠥᠯᠥᠭᠡ ᠶᠤᠮ᠃                                          
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号