ᠦᠴᠤᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠭᠤᠣᠯ ᠰᠡᠳᠦᠪᠲᠦ ᠬᠥᠮᠦᠵᠢᠯ ᠢᠶᠠᠷ ᠭᠠᠷᠳᠠᠴᠠ ᠪᠣᠯᠭᠠᠵᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/15
     ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠲᠡᠳᠬᠦᠬᠦ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠦᠴᠤᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠤᠨ ᠭᠡᠷ ᠲᠤ ᠭᠦᠨᠵᠡᠭᠡᠶᠢᠷᠡᠵᠦ᠂ ᠭᠡᠷ ᠪᠦᠯᠢ ᠶᠢᠨ ᠠᠬᠤᠢ ᠪᠠᠶᠢᠳᠠᠯ᠂ ᠬᠡᠦᠬᠡᠳ ᠤᠨ ᠠᠮᠢᠳᠤᠷᠠᠯ᠂ ᠰᠤᠷᠤᠯᠭ᠎ᠠ ᠵᠢᠴᠢ ᠪᠡᠶ᠎ᠡ ᠰᠡᠳᠬᠢᠯ ᠤᠨ ᠡᠷᠡᠭᠦᠯ ᠮᠡᠨᠳᠦ ᠵᠡᠷᠭᠡ ᠪᠠᠶᠢᠳᠠᠯ ᠢ ᠭᠦᠢᠴᠡᠳ ᠣᠶᠢᠯᠠᠭᠠᠵᠤ᠂ ᠬᠡᠦᠬᠡᠳ ᠤᠳ ᠲᠤ ᠠᠮᠢᠳᠤᠷᠠᠯ ᠤᠨ ᠡᠳ᠋ ᠪᠣᠳᠠᠰ ᠪᠠ ᠰᠤᠷᠤᠯᠭ᠎ᠠ ᠶᠢᠨ ᠬᠡᠷᠡᠭᠰᠡᠯ ᠢ ᠬᠦᠷᠭᠡᠵᠦ ᠥᠭᠭᠦᠭᠰᠡᠨ ᠢᠶᠠᠷ ᠪᠠᠷᠠᠬᠤ ᠦᠭᠡᠢ᠂ ᠨᠡᠩ ᠴᠢᠬᠤᠯᠠ ᠨᠢ ᠠᠳᠠᠯᠢ ᠪᠤᠰᠤ ᠬᠡᠦᠬᠡᠳ ᠤᠨ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠳᠤ ᠴᠢᠭᠯᠡᠭᠦᠯᠦᠨ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃      ︽ᠵᠠᠩ ᠠᠨᠢᠶ᠎ᠠ ᠶᠢᠨ ᠨᠠᠳᠠ ᠳᠤ ᠪᠡᠯᠡᠭᠯᠡᠭᠰᠡᠨ ᠬᠠᠶᠢᠷ᠎ᠠ ᠬᠠᠯᠠᠮᠵᠢ ᠶᠢᠨ ᠨᠣᠮ ᠳᠤ ᠲᠠᠯᠠᠷᠬᠠᠵᠤ ᠪᠠᠶᠢᠨ᠎ᠠ᠂ ᠪᠢ ᠯᠠᠪᠲᠠᠢ ᠰᠠᠶᠢᠲᠤᠷ ᠰᠤᠷᠤᠯᠴᠠᠵᠤ᠂ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠤᠮ︾᠃ ᠬᠥᠬᠡ ᠡᠷᠭᠢ ᠪᠠᠯᠭᠠᠰᠤᠨ ᠤ ᠰᠢᠩ ᠱᠧᠩ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠲᠢᠩ ᠲᠢᠩ ︵ᠪᠤᠷᠤᠭᠤᠯᠠᠭᠰᠠᠨ ᠨᠡᠷ᠎ᠡ︶ ᠪᠣᠯ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠤᠮ᠂ ᠠᠪᠤ ᠡᠵᠢ ᠨᠢ ᠲᠢᠩ ᠲᠢᠩ ᠳᠤ ᠨᠡᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠶᠢᠨ ᠲᠥᠯᠥᠭᠡ ᠬᠥᠳᠡᠭᠡ ᠲᠣᠰᠬᠤᠨ ᠠᠴᠠ ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠲᠤ ᠬᠦᠷᠴᠦ ᠭᠡᠷ ᠲᠦᠷᠢᠶᠡᠰᠦᠯᠡᠨ ᠰᠤᠷᠤᠯᠴᠠᠭᠤᠯᠵᠠᠶ᠃ ᠬᠡᠳᠦ᠋ᠢᠪᠡᠷ ᠬᠡᠷ ᠤᠨ ᠠᠮᠢᠳᠤᠷᠠᠯ ᠨᠢ ᠴᠢᠨᠡᠭᠡᠯᠢᠭ ᠪᠢᠰᠢ ᠪᠣᠯᠪᠠᠴᠤ᠂ ᠲᠢᠩ ᠲᠢᠩ ᠬᠠᠷᠠᠬᠠᠨ ᠪᠠᠭ᠎ᠠ ᠠᠴᠠ ᠪᠠᠨ ᠰᠢᠷᠭᠠᠭᠤ ᠬᠠᠲᠠᠭᠤᠵᠢᠯᠲᠠᠶ᠂ ᠮᠣᠷᠠᠯ ᠰᠤᠷᠤᠯᠭ᠎ᠠ ᠶᠢ ᠬᠤᠣᠰᠯᠠᠭᠤᠯᠵᠤ᠂ ᠰᠤᠷᠤᠯᠭ᠎ᠠ ᠶᠢᠨ ᠬᠢᠷᠢ ᠪᠦᠲᠦᠮᠵᠢ ᠨᠢ ᠨᠢᠭᠡ ᠣᠨ ᠤ ᠳᠤᠮᠳᠠ ᠪᠠᠨ ᠣᠷᠦ᠋ᠢᠯᠠᠵᠤ ᠪᠠᠶᠢᠪᠠ᠃ ᠬᠡᠦᠬᠡᠳ ᠤᠨ ᠢᠶᠠᠨ ᠰᠤᠷᠤᠯᠭ᠎ᠠ ᠶᠢ ᠰᠠᠭᠠᠲᠠᠭᠠᠬᠤ ᠦᠭᠡᠶ ᠶᠢᠨ ᠲᠥᠯᠥᠭᠡ ᠲᠢᠩ ᠲᠢᠩ ᠤᠨ ᠠᠪᠤ ᠨᠢ ᠬᠠᠭᠤᠴᠢᠨ ᠪᠠᠷᠠᠭᠠᠨ ᠤ ᠵᠠᠬ᠎ᠠ ᠳᠡᠯᠭᠡᠭᠦᠷ ᠠᠴᠠ ᠬᠢᠴᠢᠶᠡᠯ ᠤᠨ ᠭᠠᠳᠠᠨᠠᠬᠢ ᠬᠠᠪᠰᠤᠷᠤᠨ ᠵᠢᠯᠣᠭᠤᠳᠬᠤ ᠮᠠᠲ᠋ᠧᠷᠢᠶᠠᠯ ᠢ ᠬᠤᠳᠠᠯᠳᠤᠨ ᠠᠪᠤᠭᠰᠠᠭᠠᠷ ᠢᠷᠡᠵᠡᠶ᠃ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯᠲᠠᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠤᠳᠠᠯ ᠦᠭᠡᠶ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠭᠡᠵᠦ ᠪᠠᠶᠢᠭ᠎ᠠ ᠲᠢᠩ ᠲᠢᠩ ᠳᠤ ᠨᠣᠮ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ ᠥᠭᠬᠦ ᠪᠠᠷ ᠲᠡᠷᠡ ᠳᠠᠷᠤᠶ ᠳᠤᠨᠢ ᠠᠮᠠᠯᠳᠠᠵᠠᠶ᠃ ᠴᠡᠯᠡᠭᠡᠷ ᠲᠠᠯ᠎ᠠ ᠶᠢᠨ ︽ᠬᠠᠶᠢᠷᠠᠲᠤ ᠠᠨᠢᠶ᠎ᠠ︾ ᠵᠠᠩ ᠠᠪᠠᠭ᠋ᠠᠶ ᠲᠠᠢ ᠬᠠᠷᠢᠯᠴᠠᠬᠤ ᠪᠠᠷ ᠳᠠᠮᠵᠢᠭᠤᠯᠤᠨ᠂ ᠵᠠᠩ ᠠᠪᠠᠭ᠋ᠠᠶ ᠠᠴᠠ ᠲᠢᠩ ᠲᠢᠩ ᠳᠤ ᠳᠡᠭᠡᠳᠦ ᠰᠤᠷᠭᠠᠭᠤᠯᠢ ᠳᠤ ᠰᠢᠯᠭᠠᠭᠤᠯᠬᠤ ᠬᠦᠷᠲᠡᠯ᠎ᠡ ᠰᠦᠢᠳᠬᠡᠯ ᠬᠤᠷᠢᠶᠠᠬᠤ ᠦᠭᠡᠶ ᠪᠠᠷ ᠰᠤᠷᠤᠯᠴᠠᠯᠭ᠎ᠠ ᠶᠢᠨ ᠨᠣᠮ ᠪᠢᠴᠢᠭ ᠬᠠᠩᠭᠠᠬᠤ ᠪᠠᠷ ᠪᠣᠯᠪᠠ᠃ ᠣᠶᠢᠷ᠎ᠠ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠠᠴᠠ ᠴᠡᠯᠡᠭᠡᠷ ᠲᠠᠯ᠎ᠠ ᠶᠢᠨ ︽ᠬᠠᠶᠢᠷᠠᠲᠤ ᠠᠨᠢᠶ᠎ᠠ︾ ᠶᠢᠨ ᠬᠠᠨᠳᠢᠪᠯᠠᠭᠰᠠᠨ ᠨᠣᠮ ᠪᠢᠴᠢᠭ ᠢ ᠲᠢᠩ ᠲᠢᠩ ᠳᠤ ᠬᠦᠷᠭᠡᠵᠦ ᠥᠭᠭᠦᠭᠰᠡᠨ ᠪᠥᠭᠡᠳ ᠲᠢᠩ ᠲᠢᠩ ᠢ ᠢᠲᠡᠭᠡᠯ ᠵᠣᠷᠢᠭ ᠲᠠᠢ ᠪᠠᠶᠢᠵᠤ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠰᠡᠳᠬᠢᠯᠭᠡ ᠲᠠᠢ ᠪᠠᠶᠢᠵᠤ᠂ ᠲᠦᠷ ᠴᠠᠭ ᠤᠨ ᠬᠦᠴᠢᠷᠳᠡᠯ ᠳᠤ ᠵᠣᠷᠢᠭᠲᠠᠶ ᠪᠠᠷ ᠬᠠᠨᠳᠤᠵᠤ᠂ ᠬᠦᠰᠡᠯ ᠵᠡᠭᠦᠳᠦ ᠶᠢᠨ ᠢᠶᠠᠨ ᠲᠥᠯᠥᠭᠡ ᠴᠢᠷᠮᠠᠶᠢᠨ ᠲᠡᠮᠡᠴᠡᠲᠦᠭᠡᠶ ᠭᠡᠵᠦ ᠵᠣᠷᠢᠭᠵᠢᠭᠤᠯᠵᠠᠶ       ᠳ᠋ᠧ ᠱᠧᠩ ᠭᠧᠤ ᠰᠢᠶᠠᠩ ᠤᠨ ᠲᠤᠩ ᠲᠤᠩ ︵ᠪᠤᠷᠤᠭᠤᠯᠠᠭᠰᠠᠨ ᠨᠡᠷ᠎ᠡ︶ ᠪᠣᠯ ᠨᠢᠭᠡᠳᠦᠭᠡᠷ ᠣᠨ ᠤ ᠰᠤᠷᠭᠠᠭᠤᠯᠢ ᠳᠤ ᠰᠠᠭᠤᠭ᠎ᠠ ᠪᠠᠭ᠎ᠠ ᠰᠤᠷᠭᠠᠭᠤᠯᠢ ᠶᠢᠨ ᠰᠤᠷᠤᠭᠴᠢ ᠪᠠᠶᠢᠵᠤ᠂ ᠡᠪᠦᠭᠡ ᠡᠮᠡᠭᠡ ᠲᠠᠢ ᠪᠠᠨ ᠬᠠᠮᠲᠤ ᠠᠮᠢᠳᠤᠷᠠᠵᠤ ᠪᠠᠶᠢᠪᠠ᠃ ᠠᠪᠤ ᠨᠢ ᠨᠠᠰᠤ ᠪᠠᠷᠠᠵᠤ᠂ ᠡᠵᠢ ᠨᠢ ᠬᠠᠷᠢ ᠨᠤᠲᠤᠭ ᠢᠶᠠᠷ ᠶᠠᠪᠤᠭᠰᠠᠨ ᠪᠣᠯᠬᠤᠷ ᠬᠠᠷᠠᠬᠠᠨ ᠪᠠᠭ᠎ᠠ ᠠᠴᠠ ᠪᠠᠨ ᠠᠪᠤ ᠡᠵᠢ ᠶᠢᠨ ᠢᠶᠠᠨ ᠬᠠᠶᠢᠷ᠎ᠠ ᠬᠠᠯᠠᠮᠵᠢ ᠪᠠᠷ ᠳᠤᠲᠠᠮᠠᠭ ᠲᠤᠩ ᠲᠤᠩ ᠨᠢ ᠴᠢᠮᠬᠠᠭᠤᠨ ᠵᠠᠩ ᠲᠠᠢ ᠪᠠᠶᠢᠳᠠᠭ᠃ ᠲᠤᠩ ᠲᠤᠩ ᠢ ᠪᠤᠰᠤᠳ ᠪᠢᠴᠢᠬᠠᠨ ᠬᠡᠦᠬᠡᠳ ᠲᠠᠢ ᠠᠳᠠᠯᠢ ᠪᠣᠯᠭᠠᠬᠤ ᠶᠢᠨ ᠲᠥᠯᠥᠭᠡ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠪᠣᠯᠤᠨ ᠭᠠᠷᠠᠭ ᠤᠨ ᠰᠡᠭᠦᠯᠴᠢ ᠶᠢᠨ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ ᠶᠢᠨ ᠰᠠᠶᠢᠨ ᠳᠤᠷ᠎ᠠ ᠶᠢᠨ ᠠᠵᠢᠯᠯᠠᠭᠴᠢ ᠰᠠᠨᠠᠭᠠᠴᠢᠯᠠᠭ᠎ᠠ ᠠᠴᠠ ᠪᠠᠨ ᠬᠠᠶᠢᠷᠠᠲᠤ ᠡᠵᠢ ᠪᠣᠯᠵᠤ᠂ ᠰᠢᠭᠤᠳ ᠬᠤᠣᠰᠯᠠᠵᠤ᠂ ᠲᠤᠩ ᠲᠤᠩ ᠳᠤ ᠠᠮᠢᠳᠤᠷᠠᠯ ᠤᠨ ᠬᠠᠪᠰᠤᠷᠤᠯᠭ᠎ᠠ᠂ ᠰᠤᠷᠤᠯᠭ᠎ᠠ ᠶᠢᠨ ᠵᠢᠯᠤᠭᠤᠳᠤᠯᠭ᠎ᠠ᠂ ᠰᠡᠳᠬᠢᠴᠡ ᠶᠢᠨ ᠲᠠᠶᠢᠳᠬᠤᠷᠠᠭᠤᠯᠤᠯ ᠪᠠ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠬᠠᠨᠢ ᠬᠠᠩᠭᠠᠵᠤ᠂ ᠲᠤᠩ ᠲᠤᠩ ᠳᠤ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠢ ᠬᠠᠶᠢᠷ᠎ᠠ ᠬᠠᠯᠠᠮᠵᠢ᠂ ᠦᠵᠡᠯ ᠰᠠᠨᠠᠭᠠᠨ ᠤ ᠲᠠᠯ᠎ᠠ ᠪᠠᠷ ᠬᠢ ᠵᠢᠯᠤᠭᠤᠳᠤᠯᠭ᠎ᠠ ᠶᠢ ᠬᠠᠩᠭᠠᠵᠤ᠂ ᠬᠠᠷᠠᠬᠠᠨ ᠪᠠᠭ᠎ᠠ ᠠᠴᠠ ᠪᠠᠨ ᠲᠠᠨᠢᠯᠲᠠ᠂ ᠦᠷᠳᠡᠭ ᠤᠨ ᠲᠠᠯ᠎ᠠ ᠪᠠᠷ ᠬᠢ ᠬᠡᠯᠲᠡᠭᠡᠶᠢᠳᠡᠯ ᠪᠠ ᠥᠪᠡᠷᠮᠢᠴᠡ ᠴᠢᠨᠠᠷ᠂ ᠰᠡᠳᠬᠢᠴᠡ ᠶᠢᠨ ᠬᠥᠭᠵᠢᠯᠲᠡ ᠶᠢᠨ ᠬᠡᠪ ᠤᠨ ᠪᠤᠰᠤ ᠪᠠᠶᠢᠳᠠᠯ ᠡᠭᠦᠰᠬᠦ ᠠᠴᠠ ᠵᠠᠶᠢᠯᠠᠰᠬᠢᠪᠡ᠃      ᠬᠡᠦᠬᠡᠳ ᠢᠶᠠᠨ ᠬᠠᠯᠠᠮᠵᠢᠯᠠᠵᠤ ᠪᠠᠶᠢᠭ᠎ᠠ ᠨᠢ ᠢᠷᠡᠭᠡᠳᠦᠶ ᠪᠠᠨ ᠠᠩᠬᠠᠷᠴᠤ ᠪᠠᠶᠢᠭ᠎ᠠ ᠶᠠᠪᠤᠳᠠᠯ ᠮᠥᠨ᠃ ᠡᠨᠡ ᠵᠢᠯ ᠠᠴᠠ ᠨᠠᠰᠢ᠂ ᠦᠴᠤᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠬᠤᠯᠪᠣᠭᠠᠯᠠᠬᠤ︾ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ᠂ ᠡᠷᠬᠡ ᠠᠰᠢᠭ ᠤᠨ ᠬᠠᠮᠠᠭᠠᠯᠠᠭᠴᠢ᠂ ᠢᠷᠡᠭᠡᠳᠦᠢ ᠶᠢᠨ ᠬᠦᠰᠡᠯ ᠵᠡᠭᠦᠳᠦ ᠶᠢ ᠲᠡᠷᠭᠡᠯᠰᠢᠭᠦᠯᠦᠭᠴᠢ ᠪᠣᠯᠤᠭᠰᠠᠨ ᠪᠠᠶᠢᠨ᠎ᠠ᠃ ᠡᠨᠡ ᠵᠢᠯ ᠤᠨ 3 ᠰᠠᠷ᠎ᠠ ᠠᠴᠠ ᠣᠲᠣ ᠪᠣᠯᠲᠠᠯ᠎ᠠ᠂ ᠨᠡᠶᠢᠲᠡ 10 ᠲᠦᠮᠡ ᠭᠠᠷᠤᠶ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠡᠷ ᠲᠡᠭᠡᠨ ᠬᠤᠴᠣᠷᠤᠭᠰᠠᠨ ᠬᠡᠤᠬᠡᠳ ᠢ 800 ᠭᠠᠷᠤᠶ ᠬᠥᠮᠦᠨ ᠤᠳᠠᠭ᠎ᠠ ᠬᠠᠪᠰᠤᠷᠤᠨ ᠲᠡᠳᠬᠦᠪᠡ᠃ ᠬᠡᠦᠬᠡᠳ ᠲᠤ ᠡᠳ᠋ ᠪᠣᠳᠠᠰ ᠤᠨ ᠳᠡᠮᠵᠢᠯᠭᠡ ᠦᠵᠡᠭᠦᠯᠬᠦ ᠶᠢᠨ ᠬᠠᠮᠲᠤ᠂ ᠪᠠᠰᠠ ᠢᠳᠡᠪᠬᠢᠲᠡᠶ ᠪᠠᠷ ᠬᠡᠦᠬᠡᠳ ᠤᠨ ᠰᠡᠳᠬᠢᠯ ᠰᠠᠨᠠᠭ᠎ᠠ ᠶᠢ ᠲᠠᠶᠢᠳᠬᠤᠷᠠᠭᠤᠯᠵᠤ᠂ ᠬᠡᠷ ᠪᠦᠯᠢ ᠶᠢᠨ ᠬᠥᠮᠦᠵᠢᠯ ᠤᠨ ᠬᠢᠴᠢᠶᠡᠯ ᠤᠨ ᠲᠠᠩᠬᠢᠮ ᠢ ᠡᠷᠭᠢᠯᠡᠬᠦ ᠪᠠᠷ ᠳᠠᠮᠵᠢᠭᠤᠯᠤᠨ᠂ ︽ᠠᠯᠲᠠᠨ ᠨᠠᠮᠤᠷ 1℃ ᠢᠯᠡᠭᠦᠤ ᠬᠠᠶᠢᠷ᠎ᠠ ᠰᠡᠳᠬᠢᠯᠭᠡ︾ ︽ᠬᠡᠤᠬᠡᠳ ᠪᠠᠭᠠᠴᠤᠳ ᠤᠨ ᠰᠡᠳᠬᠢᠯ ᠳᠤ ᠬᠠᠶᠢᠷ᠎ᠠ ᠰᠡᠳᠬᠢᠯᠭᠡ ᠲᠠᠢ ᠪᠠᠶᠢᠵᠤ᠂ ᠶᠢᠰᠦᠨ ᠰᠠᠷ᠎ᠠ ᠶᠢᠨ ᠶᠢᠰᠦᠨ ᠢ ᠳᠤᠯᠠᠭᠠᠯᠠᠨ᠎ᠠ︾ ︽ᠪᠠᠭᠠᠴᠤᠳ ᠬᠡᠤᠬᠡᠳ ᠤᠨ ᠰᠡᠳᠬᠢᠯ ᠨᠠᠮ ᠳᠠᠭᠠᠨ ᠬᠠᠶᠢᠷᠠᠯᠠᠵᠤ ᠰᠠᠬᠢᠨ ᠬᠠᠮᠠᠭᠠᠯᠠᠵᠤ ᠦᠰᠦᠨ ᠪᠤᠶᠢᠵᠢᠨ᠎ᠠ︾ ︽ᠬᠡᠤᠬᠡᠳ ᠤᠨ ᠰᠡᠳᠬᠢᠯ ᠢ ᠳᠤᠯᠠᠭᠠᠯᠠᠵᠤ ᠦᠰᠦᠨ ᠪᠤᠶᠢᠵᠢᠨ᠎ᠠ︾ ︽ᠵᠢᠷᠭᠤᠭᠠᠨ ᠰᠠᠷ᠎ᠠ ᠶᠢᠨ ᠨᠢᠭᠡᠨ︾ ᠤ ᠬᠡᠷ ᠤᠨ ᠭᠠᠳᠠᠨ᠎ᠠ ᠰᠤᠳᠤᠯᠤᠨ ᠰᠤᠷᠤᠯᠴᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ ᠦᠷᠲᠡᠭ ᠢ ᠬᠡᠤᠬᠡᠳ ᠤᠨ ᠰᠡᠳᠬᠢᠯ ᠳᠤ ᠦᠨᠳᠦᠰᠦᠯᠡᠭᠦᠯᠵᠦ ᠰᠣᠶᠣᠭᠠᠯᠠᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠭᠤᠤᠯ ᠰᠡᠳᠦᠪᠲᠦ ᠬᠥᠮᠦᠵᠢᠯ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠠᠪᠬᠤ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠠᠷᠭ᠎ᠠ ᠮᠠᠶ᠋ᠢᠭ ᠢ ᠠᠪᠴᠤ᠂ ᠬᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠲᠤ ᠲᠤᠰᠬᠠᠶ ᠬᠠᠪᠰᠤᠷᠤᠨ ᠲᠡᠳᠬᠦᠬᠦ ᠦᠢᠯᠡᠴᠢᠯᠡᠭᠡ ᠬᠠᠩᠭᠠᠵᠤ᠂ ᠬᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠤᠨ ︽ᠥᠴᠦᠬᠡᠨ ᠬᠦᠰᠡᠯ︾ ᠢ ᠭᠡᠷᠡᠯᠲᠦᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号