ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠥᠷᠢ | ᠰᠢᠷᠢ ᠶᠢ ᠢᠯᠭᠠᠷᠠᠭᠤᠯᠬᠤ ᠠᠵᠢᠯ ᠢ ᠢᠳᠡᠪᠬᠢᠲᠡᠢ ᠠᠬᠢᠭᠤᠯᠤᠭᠰᠠᠨ ᠢᠶᠠᠷ᠂ ᠡᠨᠡ ᠵᠢᠯ ᠪᠦᠭᠦ ᠣᠷᠣᠨ ᠢᠶᠠᠷ ᠢᠶᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠵᠦ | ᠪᠠᠶᠢᠭᠰᠠᠨ 14.86 ᠳ᠋ᠦᠩᠰᠢᠭᠤᠷ ᠲᠥᠭᠦᠷᠢᠭ ᠤᠨ ᠵᠣᠭᠤᠰ ᠮᠥᠩᠭᠦ ᠶᠢ ᠢᠯᠭᠠᠷᠠᠭᠤᠯᠵᠤ ᠲᠥᠯᠥᠵᠦ | ᠳᠠᠭᠤᠰᠬᠠᠭᠰᠠᠨ ᠪᠠᠶᠢᠨ᠎ᠠ᠃ | ᠥᠷᠢ ᠰᠢᠷᠢ ᠶᠢ ᠢᠯᠭᠠᠷᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠭᠤᠣᠯᠳᠠᠭᠤ ᠳᠦᠷᠪᠡᠨ ᠲᠠᠯ᠎ᠠ ᠪᠠᠷ | ᠴᠢᠷᠮᠠᠶᠢᠵᠠᠢ᠃ ᠨᠢᠭᠡ ᠳᠤ᠂ ᠬᠢᠨᠠᠨ ᠬᠠᠷᠭᠤᠭᠤᠯᠵᠤ ᠬᠠᠷᠢᠭᠤ ᠲᠤᠰᠬᠠᠬᠤ ᠠᠵᠢᠯ ᠢ ᠲᠦᠷᠭᠡᠳᠬᠡᠪᠡ᠃ ᠡᠭᠦᠨ ᠳᠤ ᠲᠥᠷᠥ | ᠶᠢᠨ ᠶᠠᠪᠤᠳᠠᠯ ᠤᠨ ᠬᠤᠷᠢᠶ᠎ᠠ ᠶᠢᠨ ︽ᠢᠨᠲ᠋ᠧᠷ ᠰᠦᠯᠵᠢᠶ᠎ᠡ +︾᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠶᠠᠮᠤᠨ ᠤ ᠰᠢᠯᠵᠢᠭᠦᠯᠦᠨ ᠭᠦᠢᠴᠡᠳᠬᠡᠬᠦ ᠠᠵᠢᠯ ᠤᠨ ᠬᠠᠷᠢᠭᠤ ᠲᠤᠰᠬᠠᠬᠤ ᠰᠢᠰᠲ᠋ᠧᠮ ᠪᠣᠯᠣᠨ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ︽400 ᠢᠯᠡᠴᠢᠯᠡᠨ ᠮᠡᠳᠡᠭᠦᠯᠬᠦ ᠤᠲᠠᠰᠤ︾ ᠶᠢᠨ ᠵᠠᠭᠠᠯᠳᠤᠯᠭ᠎ᠠ ᠶᠢ ᠳᠠᠷᠤᠢ ᠲᠦᠷᠭᠡᠨ | ᠬᠢᠨᠠᠨ ᠬᠠᠷᠭᠤᠭᠤᠯᠵᠤ ᠬᠠᠷᠢᠭᠤ ᠲᠤᠰᠬᠠᠨ᠂ ᠡᠯ᠎ᠡ ᠨᠢᠭᠡᠴᠢ ᠶᠢᠨ ᠥᠷᠢ ᠰᠢᠷᠢ ᠪᠠᠨ ᠴᠠᠭ ᠲᠤᠬᠠᠢ ᠳᠤᠨᠢ | ᠢᠯᠭᠠᠷᠠᠭᠤᠯᠬᠤ ᠶᠢ ᠱᠠᠯᠠᠪᠳᠠᠭᠤᠯᠪᠠ᠃ ᠬᠤᠶᠠᠷ ᠲᠤ᠂ ᠵᠥᠷᠢᠯᠳᠦᠭᠡᠨ ᠦᠭᠡᠢ ᠥᠷᠢ ᠥᠭᠴᠡᠭᠡ ᠶᠢ ᠬᠥᠳᠡᠯᠦᠩᠭᠦᠢ ᠪᠠᠷ | ᠢᠯᠭᠠᠷᠠᠭᠤᠯᠬᠤ ᠶᠢ ᠪᠡᠶᠡᠯᠡᠭᠦᠯᠪᠡ᠃ ᠡᠭᠦᠨ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ | ︽ᠳᠤᠮᠳᠠ ᠪᠠᠭ᠎ᠠ ᠠᠵᠤ ᠠᠬᠤᠶᠢᠯᠠᠯ ᠤᠨ ᠮᠥᠩᠭᠦ ᠵᠣᠭᠤᠰᠤᠨ ᠤ ᠲᠣᠭᠠᠴᠠᠭ᠎ᠠ ᠶᠢᠨ ᠲᠤᠬᠠᠢ ᠵᠠᠭᠠᠯᠳᠤᠯᠭ᠎ᠠ ᠶᠢ | ᠰᠢᠢᠳᠪᠦᠷᠢᠯᠡᠬᠦ ᠶᠢ ᠪᠠᠲᠤᠯᠠᠬᠤ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠵᠥᠷᠢᠯᠳᠦᠭᠡᠨ ᠦᠭᠡᠢ | ᠥᠷᠢ ᠥᠭᠴᠡᠭᠡ ᠶᠢ ᠬᠢᠨᠠᠨ ᠬᠠᠷᠭᠤᠭᠤᠯᠴᠢᠬᠠᠪᠠᠯ ᠳᠠᠷᠤᠢ ᠲᠦᠷᠭᠡᠨ ᠲᠥᠯᠥᠵᠦ ᠥᠭᠬᠦ ᠶᠢ ᠱᠠᠯᠠᠪᠳᠠᠭᠤᠯᠪᠠ᠃ ᠵᠠᠷᠢᠮ | ᠰᠠᠶᠢᠲᠤᠷ ᠨᠠᠶᠢᠳᠠᠪᠤᠷᠢᠵᠢᠭᠤᠯᠬᠤ ᠦᠭᠡᠢ ᠨᠢᠭᠡᠴᠢ ᠶᠢ ᠪᠦᠭᠦ ᠣᠷᠣᠨ ᠳᠤ ᠵᠠᠷᠯᠠᠨ ᠳᠣᠩᠭᠤᠳᠬᠤ᠂ ᠭᠤᠣᠯ | ᠬᠠᠷᠢᠭᠤᠴᠠᠯᠭᠠᠲᠠᠨ ᠲᠠᠢ ᠨᠢ ᠶᠠᠷᠢᠯᠴᠠᠬᠤ ᠵᠡᠷᠭᠡ ᠠᠷᠭ᠎ᠠ ᠶᠢ ᠠᠪᠤᠭᠰᠠᠨ ᠪᠠᠶᠢᠨ᠎ᠠ᠃ ᠭᠤᠷᠪᠠ ᠳᠤ᠂ ᠵᠥᠷᠢᠯᠳᠦᠭᠡᠨ ᠲᠠᠢ | ᠥᠷᠢ ᠥᠭᠴᠡᠭᠡ ᠶᠢ ᠢᠯᠭᠠᠷᠠᠭᠤᠯᠬᠤ ᠶᠢ ᠠᠬᠢᠭᠤᠯᠪᠠ᠃ ᠡᠭᠦᠨ ᠳᠤ ᠵᠥᠷᠢᠯᠳᠦᠭᠡᠨ ᠲᠠᠢ ᠥᠷᠢ ᠥᠭᠴᠡᠭᠡ ᠶᠢ | ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ ᠶᠠᠪᠤᠳᠠᠯ ᠢ ᠲᠥᠷᠥᠯ ᠬᠤᠪᠢᠶᠠᠨ ᠠᠬᠢᠭᠤᠯᠵᠤ᠂ ᠭᠠᠷᠳᠠᠮ ᠨᠢ ᠪᠦᠷᠢᠨ | ᠪᠤᠰᠤ᠂ ᠪᠠᠷᠢᠯᠭ᠎ᠠ ᠶᠢᠨ ᠶᠠᠰᠤ ᠴᠢᠨᠠᠷ ᠨᠢ ᠬᠢᠷᠢ ᠲᠡᠩᠴᠡᠬᠦ ᠦᠭᠡᠢ ᠵᠡᠷᠭᠡ ᠰᠢᠯᠲᠠᠭᠠᠨ ᠠᠴᠠ ᠪᠣᠯᠤᠭᠰᠠᠨ ᠢ ᠨᠢ | ᠱᠠᠯᠠᠪᠳᠠᠭᠤᠯᠵᠤ ᠪᠠᠶᠢᠭᠠᠳ ᠭᠠᠷᠳᠠᠮ ᠢ ᠨᠢ ᠲᠦᠷᠭᠡᠬᠡᠨ ᠪᠦᠷᠢᠨᠰᠢᠭᠦᠯᠵᠦ᠂ ᠵᠥᠷᠢᠯᠳᠦᠭᠡᠨ ᠢ ᠨᠢ ᠡᠷᠲᠡᠬᠡᠨ | ᠰᠢᠢᠳᠪᠦᠷᠢᠯᠡᠨ᠂ ᠥᠷᠢ ᠥᠭᠴᠡᠭᠡ ᠶᠢ ᠢᠯᠭᠠᠷᠠᠭᠤᠯᠤᠨ ᠲᠥᠯᠥᠬᠦ ᠲᠥᠰᠥᠯ ᠲᠣᠭᠲᠠᠭᠠᠬᠤ ᠶᠢ ᠱᠠᠭᠠᠷᠳᠠᠪᠠ᠃ | ᠳᠥᠷᠪᠡ ᠳᠤ᠂ ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠬᠦ ᠵᠣᠭᠤᠰ ᠤᠨ ᠰᠢᠨ᠎ᠡ ᠪᠠᠷ ᠨᠡᠮᠡᠭᠳᠡᠬᠦ ᠶᠢ ᠴᠢᠩᠭ᠎ᠠ | ᠰᠡᠷᠭᠡᠶᠢᠯᠡᠪᠡ᠃ ᠡᠭᠦᠨ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ︽ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠡ ᠮᠥᠩᠭᠦ ᠨᠢ ᠪᠠᠲᠤᠯᠠᠭ᠎ᠠ ᠦᠭᠡᠢ ᠲᠦᠷᠦᠯ | ᠵᠦᠢᠯ ᠢ ᠪᠠᠷᠢᠯᠭ᠎ᠠ ᠡᠬᠢᠯᠡᠭᠦᠯᠵᠦ ᠪᠤᠯᠬᠤ ᠦᠭᠡᠢ ᠭᠡᠵᠦ ᠴᠢᠩᠭ᠎ᠠ ᠱᠠᠭᠠᠷᠳᠠᠪᠠ᠃ | | | |