ᠮᠠᠨ ᠤ ᠣᠷᠣᠨ ︽ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠥᠯ︾ ᠢ ᠲᠦᠷᠦᠭᠦᠬᠡᠨ | ᠲᠣᠭᠲᠠᠭᠠᠵᠤ᠂ ᠮᠠᠨ ᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠᠴᠢᠯᠠᠵᠠᠢ᠃ | ᠣᠶᠢᠯᠠᠭᠠᠭᠰᠠᠨ ᠢᠶᠠᠷ᠂ ᠮᠠᠨ ᠤ ᠣᠷᠣᠨ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠷᠡᠭᠦᠯ ᠡᠩᠬᠡ ᠥᠪᠥᠷ ᠮᠣᠩᠭᠤᠯ ᠤᠨ | ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠂ ᠠᠷᠠᠳ ᠣᠯᠠᠨ ᠳᠤ ᠪᠦᠭᠦ ᠲᠠᠯ᠎ᠠ ᠶᠢᠨ ᠪᠥᠭᠡᠳ ᠪᠦᠭᠦ | ᠶᠠᠪᠤᠴᠠ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠪᠠᠶᠢᠳᠠᠯ ᠲᠠᠢ ᠤᠶᠠᠯᠳᠤᠭᠤᠯᠤᠨ ᠲᠤᠰ ︽ᠲᠥᠰᠥᠯ︾ ᠢ ᠲᠣᠭᠲᠠᠭᠠᠪᠠ᠃ ᠪᠣᠳᠠᠲᠠᠢ ᠪᠠᠷ ᠬᠡᠯᠡᠪᠡᠯ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠪᠠᠶᠢᠷᠢᠯᠠᠭᠤᠯᠤᠨ ᠥᠷᠨᠢᠭᠦᠯᠦᠨ᠎ᠡ; ᠬᠤᠰᠢᠭᠤ ᠰᠢᠶᠠᠨ ᠤ ᠱᠠᠲᠤᠨ ᠤ | ᠡᠮᠨᠡᠯᠭᠡ ᠶᠢᠨ ᠬᠤᠷᠢᠶ᠎ᠠ ︵ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢ ᠪᠠᠭᠲᠠᠭᠠᠨ᠎ᠠ︶ ᠶᠢ ᠲᠠᠰ | ᠳᠡᠪᠰᠢᠭᠦᠯᠬᠦ ᠶᠢ ᠠᠬᠢᠭᠤᠯᠵᠤ᠂ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ | ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ᠂ ᠬᠤᠰᠢᠭᠤ ᠰᠢᠶᠠᠨ ᠤ | ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ | ᠠᠵᠢᠯᠯᠠᠭ᠎ᠠ ᠶᠢ ᠬᠡᠷᠡᠭᠵᠢᠭᠦᠯᠦᠨ᠂ ᠨᠢᠭᠡ ᠪᠦᠯᠦᠭ ᠬᠢᠯᠢ ᠶᠢᠨ ᠪᠣᠭᠤᠮᠲᠠ ᠶᠢᠨ ᠬᠤᠰᠢᠭᠤ ᠰᠢᠶᠠᠨ ᠤ ᠱᠠᠲᠤᠨ ᠤ | ᠡᠮᠨᠡᠯᠭᠡ ᠶᠢᠨ ᠬᠤᠷᠢᠶ᠎ᠠ ᠶᠢ ᠲᠠᠰ ᠳᠡᠪᠰᠢᠭᠦᠯᠦᠨ ᠪᠠᠶᠢᠭᠤᠯᠤᠨ᠎ᠠ; ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ; ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠬᠥᠭᠵᠢᠯᠲᠡ ᠶᠢᠨ ᠣᠷᠣᠭᠤᠯᠤᠯᠲᠠ ᠶᠢᠨ ᠦᠷᠭᠦᠯᠵᠢᠯᠡᠨ ᠲᠣᠭᠲᠠᠪᠤᠷᠢᠲᠠᠢ ᠲᠣᠭᠲᠠᠴᠠ ᠶᠢ | ᠪᠠᠶᠢᠭᠤᠯᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ; ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠣᠨᠴᠠᠯᠢᠭ ᠲᠤ ᠨᠡᠶᠢᠴᠡᠭᠰᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠭᠡᠯᠪᠡᠷᠢ ᠶᠢ | ᠪᠦᠷᠢᠨᠰᠢᠭᠦᠯᠦᠨ᠎ᠡ; ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠠ ᠬᠢᠲᠠᠳ ︵ᠮᠣᠩᠭᠤᠯ︶ ᠡᠸᠦ᠋ᠷᠦᠫᠡ | ᠡᠮᠨᠡᠯᠭᠡ ᠶᠢ ᠤᠶᠠᠯᠳᠤᠭᠤᠯᠤᠭᠰᠠᠨ ᠣᠨᠴᠠᠯᠢᠭᠲᠤ ᠴᠢᠳᠠᠪᠤᠷᠢᠲᠠᠨ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠤᠯᠤᠰ ᠤᠨ ᠣᠲᠠᠴᠢ᠂ ᠨᠡᠷᠡᠲᠦ ᠠᠬᠠᠮᠠᠳ ᠬᠢᠲᠠᠳ ᠡᠮᠴᠢ ︵ᠮᠣᠩᠭᠤᠯ ᠡᠮᠴᠢ︶ ᠵᠡᠷᠭᠡ ᠤᠯᠠᠮᠵᠢᠯᠠᠨ ᠵᠠᠯᠭᠠᠮᠵᠢᠯᠠᠬᠤ | ᠠᠵᠢᠯ ᠤᠨ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ | | | | |