ᠶᠡᠷᠦᠨᠢ ᠭᠡᠨᠡᠳᠲᠡ ᠶᠢᠨ ᠦᠬᠦᠯ ᠤᠨ ᠣᠯᠠᠩᠬᠢ ᠨᠢ ᠵᠢᠷᠦᠬᠡᠨ ᠠᠴᠠ ᠰᠢᠯᠲᠠᠭᠠᠯᠠᠳᠠᠭ᠃ ᠪᠡᠭᠡᠵᠢᠩ ᠤᠨ ᠠᠨ | ᠵᠧᠨ ᠡᠮᠨᠡᠯᠭᠡ ᠶᠢᠨ ᠬᠤᠷᠢᠶᠠᠨ ᠤ ᠪᠠᠴᠢᠮ ᠡᠮᠨᠡᠯᠭᠡ ᠶᠢᠨ ᠬᠦᠨᠳᠦ ᠡᠪᠡᠳᠴᠢᠨ ᠤ ᠲᠥᠪ ᠤᠨ ᠳᠡᠳ᠋ ᠡᠷᠬᠢᠯᠡᠭᠴᠢ᠂ ᠡᠮᠴᠢ | ᠾᠧ ᠰᠢᠶᠣᠣ ᠨᠠᠨ ᠢᠯᠡᠷᠬᠡᠶᠢᠯᠡᠬᠦ ᠳᠡᠭᠡᠨ᠂ 8 ᠴᠠᠭ ᠢᠶᠠᠷ ᠤᠳᠠᠭᠠᠨ ᠰᠠᠭᠤᠪᠠᠯ ᠭᠡᠨᠡᠳᠲᠡ ᠶᠢᠨ ᠦᠬᠦᠯ ᠤᠨ | ᠲᠦᠭᠰᠢᠭᠦᠷᠢ ᠶᠢ ᠦᠨᠡᠬᠡᠷ ᠨᠡᠮᠡᠭᠳᠡᠭᠦᠯᠬᠦ ᠪᠣᠯᠣᠨ᠎ᠠ ᠭᠡᠵᠡᠢ᠃ | | ᠤᠳᠠᠭᠠᠨ ᠰᠠᠭᠤᠪᠠᠯ ᠴᠢᠰᠤᠨ ᠤ ᠡᠷᠬᠢᠯᠳᠡ ᠶᠢ ᠤᠳᠠᠭᠠᠰᠢᠷᠠᠭᠤᠯᠵᠤ᠂ ᠴᠢᠰᠦ ᠶᠢ ᠦᠳᠬᠡᠷᠡᠬᠦᠯᠳᠡᠭ᠃ | ᠳᠣᠣᠷ᠎ᠠ ᠪᠡᠶ᠎ᠡ ᠶᠢᠨ ᠦᠳᠬᠡᠷᠡᠭᠰᠡᠨ ᠴᠢᠰᠦ ᠵᠢᠷᠦᠬᠡ ᠪᠤᠶᠤ ᠠᠭᠤᠰᠬᠢᠨ ᠤ ᠴᠢᠰᠤᠨ ᠰᠤᠳᠠᠯ ᠳᠤ ᠬᠦᠷᠴᠦ᠂ | ᠠᠭᠤᠰᠬᠢᠨ ᠤ ᠴᠢᠰᠤᠨ ᠰᠤᠳᠠᠯ ᠪᠥᠭᠯᠡᠷᠡᠨ᠎ᠡ︔ ᠵᠢᠷᠦᠬᠡ᠂ ᠠᠭᠤᠰᠬᠢ ᠤᠶᠢᠷᠠᠬᠠᠨ ᠪᠠᠶᠢᠳᠠᠭ ᠪᠤᠯᠬᠤᠷ ᠠᠭᠤᠰᠬᠢᠨ ᠤ | ᠴᠢᠰᠤᠨ ᠰᠤᠳᠠᠯ ᠪᠥᠭᠯᠡᠷᠡᠭᠰᠡᠨ ᠠᠴᠠ ᠪᠤᠯᠵᠦ ᠵᠢᠷᠦᠬᠡᠨ ᠤ ᠠᠵᠢᠯᠯᠠᠭ᠎ᠠ ᠶᠢ ᠬᠦᠨᠳᠦ ᠨᠣᠴᠢᠲᠠᠢ ᠨᠥᠯᠥᠭᠡᠯᠡᠨ᠎ᠡ᠃ | ᠵᠢᠷᠦᠬᠡᠨ ᠤ ᠠᠵᠢᠯᠯᠠᠭ᠎ᠠ ᠮᠠᠭᠤᠳᠠᠬᠤ ᠦᠶ᠎ᠡ ᠳᠤ ᠵᠢᠷᠦᠬᠡᠨ ᠤ ᠳᠤᠷᠤᠶᠢᠳᠠᠯ ᠤᠨ ᠳᠤᠬᠢᠶᠠᠯᠳᠤᠯ ᠪᠤᠯᠳᠠᠭ ᠶᠤᠮ᠃ | | ᠤᠳᠠᠭᠠᠨ ᠰᠠᠭᠤᠬᠤ ᠦᠶ᠎ᠡ ᠶᠠᠭᠠᠬᠢᠪᠠᠯ ᠵᠣᠬᠢᠬᠤ ᠪᠤᠢ ᠬᠡᠪᠡᠯ᠂ ᠨᠢᠭᠡ ᠳᠤ᠂ ᠬᠥᠯ ᠤᠨ ᠬᠤᠷᠤᠭᠤ ᠪᠠᠨ 20 | ᠰᠺᠦ᠋ᠨ᠋ᠳ᠋ ᠡᠷᠬᠦᠨ᠎ᠠ︔ ᠬᠤᠶᠠᠷ ᠲᠤ᠂ ᠪᠣᠷᠪᠢ ᠪᠠᠨ ᠡᠷᠭᠦᠵᠦ᠂ 20 ᠰᠺᠦ᠋ᠨ᠋ᠳ᠋ ᠪᠠᠷᠢᠮᠲᠠᠯᠠᠨ᠎ᠠ᠃ | | ᠡᠬᠦᠨ ᠠᠴᠠ ᠭᠠᠳᠠᠨ᠎ᠠ ᠰᠦᠨᠢ ᠣᠷᠣᠢ ᠶᠠᠭᠤᠮ᠎ᠠ ᠢᠳᠡᠬᠦ ᠨᠢ ᠪᠡᠶ᠎ᠡ ᠳᠤ ᠮᠠᠰᠢ ᠮᠠᠭᠤ ᠶᠤᠮ᠃ ᠾᠧ ᠰᠢᠶᠣᠣ | ᠨᠠᠨ ᠡᠮᠴᠢ ᠶᠢᠨ ᠲᠠᠶᠢᠯᠪᠤᠷᠢᠯᠠᠭᠰᠠᠨ ᠢᠶᠠᠷ᠂ ᠰᠥᠨᠢ ᠶᠢᠨ ᠬᠤᠭᠤᠯᠠᠨ ᠳᠤ ᠠᠮᠢᠲᠠᠨ ᠤ ᠳᠣᠲᠣᠷ ᠡᠷᠬᠡᠲᠡᠨ᠂ | ᠯᠣᠬᠠᠱᠧᠩ᠂ ᠮᠢᠬᠠᠨ ᠤ ᠵᠦᠢᠯ ᠵᠡᠷᠭᠡ ᠥᠭᠡᠬᠦ ᠶᠡᠬᠡᠲᠡᠢ᠂ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ | ᠶᠡᠬᠡᠲᠡᠢ ᠢᠳᠡᠭᠡᠨ ᠢ ᠶᠡᠭᠡ ᠬᠡᠮᠵᠢᠶ᠎ᠡ ᠪᠠᠷ ᠢᠳᠡᠪᠡᠯ᠂ ᠴᠢᠰᠤᠨ ᠤ ᠥᠭᠡᠬᠦ ᠳᠣᠰᠣ ᠨᠡᠮᠡᠭᠳᠡᠬᠦ ᠪᠣᠯᠣᠨ᠎ᠠ᠃ ᠢᠩᠬᠢᠬᠡᠳ | ᠵᠢᠷᠦᠬᠡᠨ ᠲᠢᠲᠢᠮ ᠤᠨ ᠡᠪᠡᠳᠴᠢᠨ᠂ ᠵᠢᠷᠦᠬᠡ ᠪᠠᠵᠠᠯᠠᠨ ᠡᠪᠡᠳᠬᠦ᠂ ᠴᠢᠨᠠᠭᠰᠢᠯᠠᠪᠠᠯ ᠵᠢᠷᠦᠬᠡᠨ ᠪᠤᠯᠴᠢᠩ ᠤᠨ | ᠲᠦᠭᠵᠢᠷᠡᠯ ᠡᠭᠦᠰᠬᠦ ᠠᠶᠤᠯ ᠢ ᠨᠡᠮᠡᠭᠳᠡᠭᠦᠯᠬᠦ ᠶᠤᠮ ᠪᠠᠶᠢᠨ᠎ᠠ᠃ | |