ᠲᠥᠪ ᠷᠠᠳᠢᠤ᠋ ᠶᠢᠨ ᠮᠡᠳᠡᠭᠡ᠄ ᠨᠡᠶᠢᠲᠡ ᠶᠢᠨ ᠥᠮᠴᠢᠯᠡᠯ ᠤᠨ ᠳᠥᠷᠢᠮ ᠢᠶᠠᠷ ᠭᠤᠣᠯ ᠪᠣᠯᠭᠠᠭᠰᠠᠨ᠂ ᠣᠯᠠᠨ | ᠵᠦᠢᠯ ᠤᠨ ᠥᠮᠴᠢᠯᠡᠯ ᠤᠨ ᠳᠥᠷᠢᠮᠲᠦ ᠠᠵᠤ ᠠᠬᠤᠢ ᠶᠢ ᠵᠡᠷᠭᠡᠪᠡᠷ ᠬᠥᠭᠵᠢᠭᠦᠯᠬᠦ ᠦᠨᠳᠦᠰᠦᠨ ᠠᠵᠤ ᠠᠬᠤᠢ ᠶᠢᠨ | ᠳᠥᠷᠢᠮ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠤᠨ ᠴᠢᠬᠤᠯᠠ ᠲᠦᠰᠢᠭ | ᠲᠤᠯᠭᠠᠭᠤᠷᠢ ᠪᠣᠯᠣᠨ᠎ᠠ᠂ ᠮᠥᠨᠴᠦ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ | ᠲᠣᠭᠲᠠᠴᠠ ᠶᠢᠨ ᠰᠠᠭᠤᠷᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠨᠡᠶᠢᠭᠡᠮ ᠵᠢᠷᠤᠮ ᠤᠨ | ᠦᠨᠳᠦᠰᠦᠨ ᠠᠵᠤ ᠠᠬᠤᠢ ᠶᠢᠨ ᠲᠥᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ | ᠠᠬᠤᠢ ᠶᠢ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠤᠨ ᠳᠡᠮᠵᠢᠵᠦ᠂ ᠵᠢᠭᠠᠨ ᠵᠢᠯᠤᠭᠤᠤᠨᠴᠦ | ᠪᠠᠶᠢᠭᠠᠤᠨ ᠡᠬᠢ ᠪᠠᠶᠠᠯᠢᠭ ᠤᠨ ᠬᠤᠪᠢᠶᠠᠷᠢᠯᠠᠯᠲᠠ ᠶᠢᠨ ᠳᠤᠮᠳᠠᠬᠢ ᠵᠠᠬ᠎ᠠ ᠳᠡᠯᠭᠡᠭᠦᠷ ᠤᠨ ᠰᠢᠢᠦᠨᠪᠦᠷᠢᠯᠡᠬᠦ ᠴᠢᠨᠠᠷᠲᠠᠢ | ᠦᠢᠯᠡᠳᠦᠯ ᠢ ᠭᠦᠢᠴᠡᠦᠨ ᠪᠠᠳᠠᠷᠠᠭᠤᠯᠵᠤ᠂ ᠵᠠᠰᠠᠭ ᠤᠨ ᠣᠷᠳᠤᠨ ᠤ ᠦᠢᠯᠡᠳᠦᠯ ᠢ ᠨᠡᠩ ᠰᠠᠶᠢᠨ ᠪᠠᠳᠠᠷᠠᠭᠤᠯᠬᠤ | ᠬᠡᠷᠡᠭᠲᠡᠢ ᠭᠡᠵᠡᠢ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠ ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠵᠣᠬᠢᠴᠠᠩᠭᠤᠢ ᠬᠥᠭᠵᠢᠵᠦ᠂ | ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ ᠤᠨ ᠦᠨᠳᠦᠰᠦ ᠰᠠᠭᠤᠷᠢ ᠶᠢ ᠰᠠᠶᠢᠲᠦᠷ | ᠪᠠᠬᠢᠵᠢᠭᠦᠯᠦᠭᠰᠡᠨ ᠪᠠᠶᠢᠨ᠎ᠠ᠃ | ᠥᠨᠥᠬᠡᠨ ᠡᠷᠬᠢᠯᠡᠨ ᠶᠠᠪᠤᠭᠳᠠᠭᠤᠯᠤᠭᠰᠠᠨ 2023 ᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ | ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠤᠨ ᠵᠣᠬᠢᠴᠠᠩᠭᠤᠢ ᠬᠥᠭᠵᠢᠯᠲᠡ ᠶᠢᠨ ᠳᠥᠷᠦᠯ ᠵᠦᠢᠯ ᠢ | ᠲᠠᠨᠢᠯᠴᠠᠭᠤᠯᠬᠤ ᠬᠤᠷᠠᠯ ᠳᠡᠭᠡᠷ᠎ᠡ᠂ 160 ᠭᠠᠷᠤᠢ ᠲᠥᠷᠦᠯ ᠤᠨ ᠬᠥᠭᠵᠢᠯᠲᠡ ᠶᠢᠨ ᠲᠥᠷᠦᠯ ᠵᠦᠢᠯ ᠳᠤ ᠬᠢᠮᠡᠯ | ᠤᠶᠤᠨᠯᠢᠭ ᠮᠡᠷᠭᠡᠵᠢᠯ᠂ ᠠᠮᠢᠳᠤ ᠪᠤᠳᠠᠰ ᠤᠨ ᠮᠡᠷᠭᠡᠵᠢᠯ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠤᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠨ ᠮᠠᠨᠳᠤᠵᠤ ᠪᠠᠶᠢᠭ᠎ᠠ ᠠᠵᠤ ᠦᠢᠯᠡᠰ ᠪᠠᠭᠲᠠᠵᠤ᠂ ᠪᠠᠰᠠ ᠰᠠᠨᠰᠠᠷ ᠠᠶᠠᠯᠠᠯ᠂ | ᠡᠨᠧᠷᠭᠢ ᠶᠢᠨ ᠬᠢᠮᠢ ᠶᠢᠨ ᠠᠵᠤ ᠦᠢᠯᠡᠦᠨᠪᠦᠷᠢ᠂ ᠴᠢᠬᠤᠯᠠ ᠶᠡᠭᠡ ᠪᠡᠯᠡᠦᠨᠬᠡᠯ ᠲᠥᠬᠦᠭᠡᠷᠦᠮᠵᠢ ᠶᠢ ᠦᠢᠯᠡᠳᠦᠨ | ᠪᠦᠲᠦᠭᠡᠬᠦ ᠵᠡᠷᠭᠡ ᠵᠠᠩᠭᠢᠯᠠᠭ᠎ᠠ ᠶᠢᠨ ᠴᠡᠷ ᠬᠦᠷᠢᠶ᠎ᠡ ᠪᠠᠭᠲᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠲᠥᠪ ᠤᠨ ᠠᠵᠤ ᠠᠬᠤᠶᠢᠯᠠᠯ ᠤᠨ ᠤᠶᠢᠷ᠎ᠠ ᠶᠢᠨ ᠭᠤᠷᠪᠠᠨ ᠵᠢᠯ ᠤᠨ ᠭᠠᠳᠠᠭᠠᠳᠤ ᠳᠤ | ᠬᠤᠪᠢᠴᠠᠭᠠᠲᠤ ᠪᠡᠯᠡ ᠣᠷᠤᠭᠤᠯᠤᠭᠰᠠᠨ ᠡᠯ᠎ᠡ ᠲᠥᠷᠦᠯ ᠤᠨ ᠠᠵᠤ ᠠᠬᠤᠶᠢᠯᠠᠯ 1 ᠲᠦᠮᠡ 3 ᠮᠢᠩᠭᠠᠨ ᠡᠷᠦᠬᠡ ᠶᠢ | ᠳᠠᠪᠠᠵᠤ᠂ ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠵᠡᠷᠭᠡ ᠨᠡᠶᠢᠭᠡᠮ ᠤᠨ ᠬᠦᠷᠦᠩᠭᠡ ᠶᠢᠨ ᠰᠲ᠋ᠣᠺ ᠤᠨ ᠡᠷᠬᠡ | ᠲᠠᠢ ᠬᠠᠮᠲᠤ ᠶᠢᠨ ᠠᠵᠢᠯᠯᠠᠭᠠᠨ ᠤ ᠥᠷᠲᠡᠭ ᠤᠨ ᠬᠡᠮᠵᠢᠶ᠎ᠡ 9000 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ | ᠨᠢᠭᠡ ᠪᠦᠯᠦᠭ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠤᠨ ᠠᠴᠠ ᠡᠷᠬᠢᠯᠡᠭᠰᠡᠨ ᠠᠵᠤ ᠠᠬᠤᠶᠢᠯᠠᠯ ᠤᠨ | ᠬᠢᠨ ᠪᠡᠯᠡ ᠮᠥᠩᠭᠦᠨ ᠤ ᠠᠭᠤᠰᠤᠯᠴᠠᠭ᠎ᠠ ᠶᠢ ᠪᠡᠶᠡᠯᠡᠭᠦᠯᠵᠦ᠂ ᠣᠯᠠᠨ ᠴᠠᠷ ᠬᠦᠷᠢᠶ᠎ᠡ᠂ ᠣᠯᠠᠨ ᠪᠦᠯᠦᠭ᠂ ᠣᠯᠠᠨ | ᠠᠵᠤ ᠦᠢᠯᠡᠰ ᠲᠤ ᠠᠵᠢᠯ ᠢᠶᠠᠨ ᠬᠤᠪᠢᠶᠠᠷᠢᠯᠠᠨ ᠬᠠᠮᠲᠤᠷᠠᠨ ᠠᠵᠢᠯᠯᠠᠵᠤ᠂ ᠬᠠᠷᠢᠯᠴᠠᠨ ᠠᠰᠢᠭ ᠬᠦᠷᠲᠡᠭᠡᠵᠦ | ᠬᠠᠮᠲᠤᠪᠠᠷ ᠠᠮᠵᠢᠯᠲᠠ ᠳᠤ ᠬᠦᠷᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠭᠰᠠᠨ ᠪᠠᠶᠢᠨ᠎ᠠ᠃ | ᠠᠷᠪᠠᠨ ᠵᠢᠯ ᠤᠨ ᠲᠤᠷᠰᠢ ᠮᠠᠨ ᠤ ᠤᠯᠤᠰ ᠤᠯᠤᠰ ᠤᠨ ᠥᠮᠴᠢᠯᠡᠯᠲᠦ ᠠᠵᠤ ᠠᠬᠤᠶᠢᠯᠠᠯ ᠢ | ᠬᠦᠴᠦᠷᠬᠡᠭᠵᠢᠭᠦᠯᠬᠦ ᠶᠢ ᠠᠬᠢᠭᠤᠯᠬᠤ ᠶᠢᠨ ᠬᠠᠮᠲᠤ ᠪᠠᠰᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠨᠡᠮᠡᠭᠳᠡᠯ ᠳᠤ ᠰᠢᠯᠢᠳᠡᠭ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠦᠭᠡᠢ ᠪᠦᠷᠢᠯᠳᠦᠭᠦᠯᠦᠭᠰᠡᠨ | ᠪᠠᠶᠢᠨ᠎ᠠ᠃ ᠡᠨᠡ ᠵᠢᠯ ᠤᠨ ᠡᠬᠢᠨ ᠳᠤ᠂ ᠵᠧᠵᠢᠶᠠᠩ ᠮᠤᠵᠢ ᠶᠢᠨ ᠬᠤᠵᠧᠦ ᠬᠤᠲᠠ ᠶᠢᠨ ᠴᠠᠩ ᠰᠢᠩ ᠰᠢᠶᠠᠨ ᠤ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ᠂ ᠨᠢᠭᠡᠨ ᠵᠠᠭᠪᠤᠷ ᠦᠢᠯᠡᠳᠪᠦᠷᠢᠯᠡᠬᠦ ᠪᠦᠷᠢᠨ ᠪᠤᠰᠤ ᠬᠠᠷᠢᠭᠤᠴᠠᠯᠭᠠᠲᠤ | ᠺᠣᠮᠫᠠᠨᠢ ᠶᠢᠨ 120 ᠮᠦ ᠲᠠᠯᠠᠪᠠᠢ ᠲᠠᠢ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠠᠯᠪᠠᠨ ᠶᠣᠰᠣ ᠪᠠᠷ | ᠪᠠᠷᠢᠯᠭ᠎ᠠ ᠪᠠᠶᠢᠭᠤᠯᠤᠯᠲᠠ ᠪᠠᠨ ᠡᠬᠢᠯᠡᠭᠦᠯᠦᠭᠰᠡᠨ ᠶᠤᠮ᠃ ᠴᠠᠩ ᠰᠢᠩ ᠰᠢᠶᠠᠨ ᠤ ᠤᠰᠤᠨ ᠠᠰᠢᠭᠯᠠᠯᠲᠠ ᠶᠢᠨ | ᠲᠣᠪᠴᠢᠶ᠎ᠠ ᠶᠢᠨ ᠳᠡᠳ᠋ ᠳᠠᠷᠤᠭ᠎ᠠ ᠯᠤ᠋ ᠵᠢᠶᠠᠨ ᠵᠦᠩ ᠬᠡᠯᠡᠬᠦ ᠳᠡᠭᠡᠨ᠂ ᠲᠤᠰ ᠵᠠᠭᠪᠤᠷ ᠦᠢᠯᠡᠳᠪᠦᠷᠢᠯᠡᠬᠦ ᠠᠵᠤ | ᠠᠬᠤᠶᠢᠯᠠᠯ ᠤᠨ ᠴᠢᠯᠠᠭᠤ ᠰᠢᠷᠣᠢ ᠮᠠᠯᠲᠠᠬᠤ ᠶᠡᠷᠦᠩᠬᠡᠢ ᠬᠡᠮᠵᠢᠶ᠎ᠡ 15 ᠲᠦᠮᠡᠨ ᠪᠣᠰᠤᠭ᠎ᠠ ᠳᠥᠷᠪᠡᠯᠵᠢᠨ ᠮᠧᠲᠷ | ᠪᠠᠶᠢᠵᠤ᠂ ᠬᠡᠷᠪᠡ ᠠᠵᠢᠯ ᠲᠠᠨᠢᠯᠴᠠᠭᠤᠯᠬᠤ ᠪᠠᠶᠢᠭᠤᠯᠤᠮᠵᠢ ᠪᠠᠷ ᠮᠡᠳᠡᠭᠦᠯᠦᠯᠲᠡ ᠬᠢᠯᠭᠡᠪᠡᠯ᠂ ᠮᠡᠳᠡᠭᠦᠯᠦᠯᠲᠡ ᠬᠢᠬᠦ᠂ | ᠬᠢᠨᠠᠨ ᠬᠡᠮᠵᠢᠬᠦ᠂ ᠰᠢᠯᠭᠠᠨ ᠬᠤᠷᠢᠶᠠᠬᠤ ᠵᠡᠷᠭᠡ ᠶᠢ ᠨᠡᠶᠢᠯᠡᠭᠦᠯᠪᠡᠯ ᠠᠳᠠᠭ ᠲᠠᠭᠠᠨ 18 ᠲᠦᠮᠡᠨ ᠲᠥᠭᠦᠷᠢᠭ | ᠵᠠᠷᠤᠴᠠᠭᠤᠯᠤᠨ᠎ᠠ᠂ ᠭᠡᠪᠡᠴᠦ ᠣᠳᠣ ᠤᠰᠤᠨ ᠠᠰᠢᠭᠯᠠᠯᠲᠠ ᠶᠢᠨ ᠲᠣᠪᠴᠢᠶᠠᠨ ᠤ ᠤᠷᠢᠳᠴᠢᠯᠠᠨ ᠬᠢᠭᠰᠡᠨ ᠪᠦᠰᠡ | ᠨᠤᠲᠤᠭ ᠤᠨ ᠵᠢᠱᠢᠯᠲᠡ ᠶᠢ ᠦᠨᠳᠦᠰᠦᠯᠡᠵᠦ᠂ ᠵᠥᠪᠰᠢᠶᠡᠷᠡᠯ ᠣᠯᠬᠤ ᠳᠤ ᠵᠥᠪᠬᠡᠨ ᠨᠢᠭᠡᠨ ᠬᠠᠭᠤᠳᠠᠰᠤ ᠬᠦᠰᠦᠨᠦᠭ | ᠲᠠᠭᠯᠠᠪᠠᠯ ᠪᠣᠯᠴᠢᠬᠠᠨ᠎ᠠ ᠭᠡᠵᠡᠢ᠃ | ᠣᠳᠣᠬᠠᠨ ᠳᠤ᠂ ᠮᠠᠨ ᠤ ᠤᠯᠤᠰ ᠶᠠᠭ ᠠᠵᠤ ᠠᠬᠤᠢ ᠶᠢᠨ ᠰᠡᠷᠭᠦᠯᠲᠡ ᠪᠠ ᠠᠵᠤ ᠦᠢᠯᠡᠰ ᠤᠨ | ᠰᠢᠯᠢᠳᠡᠭᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠪᠦᠲᠦᠴᠡ ᠶᠢᠨ ᠴᠢᠨᠠᠷ ᠲᠠᠢ ᠠᠰᠠᠭᠤᠳᠠᠯ᠂ | ᠦᠶᠡᠯᠡᠯ ᠤᠨ ᠴᠢᠨᠠᠷ ᠲᠠᠢ ᠵᠥᠷᠢᠴᠡᠯ ᠳᠠᠪᠬᠤᠷᠳᠠᠭᠰᠠᠨ ᠦᠶ᠎ᠡ ᠳᠤ ᠣᠷᠣᠰᠢᠵᠤ ᠪᠠᠶᠢᠭ᠎ᠠ ᠶᠤᠮ᠃ ᠳᠤᠮᠳᠠᠳᠤ ᠤᠯᠤᠰ | ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠷᠠᠳ ᠠᠴᠠ ᠡᠷᠭᠢᠯᠡᠭᠰᠡᠨ ᠠᠵᠤ ᠠᠬᠤᠢ ᠶᠢᠨ | ᠰᠤᠳᠤᠯᠭᠠᠨ ᠤ ᠲᠥᠪ ᠤᠨ ᠡᠷᠬᠢᠯᠡᠭᠴᠢ ᠯᠢᠦ ᠶᠢᠨ ᠴᠢᠦ ᠢᠯᠡᠷᠬᠡᠶᠢᠯᠡᠬᠦ ᠳᠡᠭᠡᠨ᠂ ᠠᠷᠠᠳ ᠠᠴᠠ ᠡᠷᠭᠢᠯᠡᠭᠰᠡᠨ ᠠᠵᠤ | ᠠᠬᠤᠶᠢᠯᠠᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠰᠢᠢᠳᠪᠦᠷᠢᠯᠡᠬᠦ | ᠴᠢᠨᠠᠷ ᠲᠠᠢ ᠦᠢᠯᠡᠳᠦᠯ ᠢ ᠦᠨᠡᠨᠬᠦ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠶᠢ | ᠴᠢᠨᠠᠭᠰᠢᠳᠠ ᠰᠢᠯᠢᠳᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠣᠯᠠᠨ ᠤᠯᠤᠰ ᠲᠤ | ᠬᠠᠨᠳᠤᠭᠤᠯᠤᠭᠰᠠᠨ ᠲᠡᠷᠢᠭᠦᠨ ᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠲᠦᠷᠭᠡᠨ ᠪᠠᠶᠢᠭᠤᠯᠬᠤ ᠳᠤ ᠪᠠᠶᠢᠭ᠎ᠠ | ᠶᠤᠮ ᠭᠡᠵᠡᠢ᠃ | | | | |