13 ᠤ ᠡᠳᠦᠷ ᠰᠣᠶᠣᠯ ᠵᠢᠭᠤᠯᠴᠢᠯᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠣᠶᠣᠯ ᠵᠢᠭᠤᠯᠴᠢᠯᠠᠯ ᠤᠨ | ᠶᠠᠮᠤᠨ ᠣᠶᠢᠷ᠎ᠠ ᠳᠤ ︽ᠤᠯᠤᠰ ᠤᠨ ᠳᠣᠲᠣᠭᠠᠳᠤ ᠶᠢᠨ ᠵᠢᠭᠤᠯᠴᠢᠯᠠᠯ ᠢ ᠳᠡᠰ ᠳᠡᠪᠰᠢᠭᠦᠯᠬᠦ ᠲᠥᠯᠥᠪᠯᠡᠭᠡ ︵2023 - | 2025 ᠣᠨ︶︾ ᠶᠢ ᠳᠠᠷᠤᠮᠠᠯᠯᠠᠨ ᠲᠠᠷᠬᠠᠭᠠᠪᠠ᠃ ᠲᠥᠯᠥᠪᠯᠡᠭᠡ ᠳᠤ᠂ 2025 ᠣᠨ ᠪᠤᠯᠬᠤ ᠳᠤ᠂ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠪᠴᠢᠶ᠎ᠡ ᠵᠦᠢ ᠵᠣᠬᠢᠰᠲᠠᠢ ᠨᠡᠮᠡᠭᠳᠡᠯ ᠢ ᠪᠠᠲᠤᠯᠠᠵᠤ᠂ ᠶᠠᠰᠤ | ᠴᠢᠨᠠᠷ ᠢ ᠴᠢᠨᠠᠭᠰᠢᠳᠠ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠢ ᠤᠬᠠᠭᠤᠯᠤᠨ | ᠳᠡᠯᠭᠡᠷᠡᠭᠦᠯᠬᠦ ᠦᠷ᠎ᠡ ᠪᠦᠲᠦᠮᠵᠢ ᠨᠠᠩ ᠢᠯᠡᠷᠬᠡᠢ ᠪᠣᠯᠵᠤ᠂ ᠴᠢᠨᠠᠷ ᠰᠠᠶᠢᠲᠠᠢ ᠵᠢᠭᠤᠯᠴᠢᠯᠠᠯ ᠤᠨ ᠬᠠᠩᠭᠠᠯᠭ᠎ᠠ ᠨᠠᠩ | ᠪᠠᠶᠠᠯᠢᠭᠵᠢᠵᠤ᠂ ᠵᠢᠭᠤᠯᠴᠢᠯᠠᠬᠰᠠᠳ ᠤᠨ ᠬᠡᠷᠡᠭᠯᠡᠭᠡᠨ ᠤ ᠣᠶᠢᠯᠠᠭᠠᠯᠲᠠ ᠪᠦᠲᠦᠮᠵᠢᠲᠡᠶ ᠰᠠᠶᠢᠵᠢᠷᠠᠵᠤ᠂ ᠬᠠᠨᠤᠮᠵᠢ ᠶᠢᠨ | ᠬᠡᠮᠵᠢᠶ᠎ᠡ ᠴᠢᠨᠠᠭᠰᠢᠳᠠ ᠳᠡᠭᠡᠭᠰᠢᠯᠡᠵᠦ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠦᠯ | ᠴᠢᠳᠠᠪᠬᠢ ᠦᠷᠭᠦᠯᠵᠢᠯᠡᠨ ᠳᠡᠭᠡᠭᠰᠢᠯᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠰᠢᠪᠲᠤᠯᠤᠯᠲᠠ ᠲᠠᠢ | ᠪᠣᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠨᠠᠩ | ᠪᠦᠷᠢᠨᠰᠢᠵᠦ᠂ ᠣᠲᠣ ᠦᠶ᠎ᠡ ᠶᠢᠨ ᠵᠠᠰᠠᠯᠲᠠ ᠶᠢᠨ ᠴᠢᠳᠠᠪᠤᠷᠢ ᠴᠢᠨᠠᠭᠰᠢᠳᠠ ᠴᠢᠩᠭᠠᠷᠠᠵᠤ᠂ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠠᠬᠢᠭᠤᠯᠬᠤ᠂ ᠠᠵᠤ ᠠᠬᠤᠢ ᠶᠢᠨ ᠨᠡᠮᠡᠭᠳᠡᠯ ᠢ | ᠠᠬᠢᠭᠤᠯᠬᠤ ᠳᠤ ᠦᠵᠡᠭᠦᠯᠭᠦ ᠦᠢᠯᠡᠳᠦᠯ ᠨᠠᠩ ᠲᠣᠪᠣᠶᠢᠮ᠎ᠠ ᠪᠣᠯᠣᠨ᠎ᠠ ᠭᠡᠵᠦ ᠳᠤᠷᠠᠳᠴᠤ ᠭᠠᠷᠭᠠᠪᠠ᠃ | ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠬᠤ᠂ ᠴᠢᠨᠠᠷ | ᠰᠠᠶᠢᠲᠠᠢ ᠵᠢᠭᠤᠯᠴᠢᠯᠠᠯ ᠤᠨ ᠬᠠᠩᠭᠠᠯᠭ᠎ᠠ ᠶᠢ ᠪᠠᠶᠠᠯᠢᠭᠵᠢᠭᠤᠯᠬᠤ᠂ ᠵᠢᠭᠤᠯᠴᠢᠯᠠᠯ ᠤᠨ ᠬᠡᠷᠡᠭᠯᠡᠭᠡ ᠶᠢᠨ ᠪᠡᠶᠡᠴᠢ | ᠣᠶᠢᠯᠠᠭᠠᠯᠲᠠ ᠶᠢ ᠰᠠᠶᠢᠵᠢᠷᠠᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢ | ᠳᠡᠭᠡᠭᠰᠢᠯᠡᠭᠦᠯᠭᠦ᠂ ᠡᠵᠡᠩᠨᠡᠯᠲᠡ ᠶᠢᠨ ᠭᠤᠣᠯ ᠴᠣᠭᠴᠠ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠳᠡᠮᠵᠢᠬᠦ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ᠂︽ᠢᠲᠡᠭᠡᠮᠵᠢ +︾ᠢᠨᠵᠧᠨᠧᠷᠢᠩ ᠢ ᠬᠡᠷᠡᠭᠵᠢᠭᠦᠯᠬᠦ ᠵᠡᠷᠭᠡ 9 ᠲᠠᠯ᠎ᠠ ᠲᠠᠢ | ᠤᠶᠠᠯᠳᠤᠭᠤᠯᠤᠨ᠂ ᠲᠥᠯᠥᠪᠯᠡᠭᠡ ᠳᠤ 30 ᠵᠦᠢᠯ ᠤᠨ ᠭᠤᠣᠯ ᠡᠭᠦᠷᠭᠡ ᠶᠢ ᠳᠤᠷᠠᠳᠤᠨ ᠭᠠᠷᠭᠠᠪᠠ᠃ | ᠲᠥᠯᠥᠪᠯᠡᠭᠡ ᠳᠤ᠂ ᠵᠢᠭᠤᠯᠴᠢᠯᠠᠯ ᠤᠨ ᠦᠢᠯᠡᠳᠬᠦᠨ ᠤ ᠰᠢᠰᠲ᠋ᠧᠮ ᠤᠨ ᠰᠢᠨ᠎ᠡ ᠶᠢ ᠡᠭᠦᠳᠴᠦ᠂ ᠠᠳᠠᠯᠢ ᠪᠤᠰᠤ | ᠬᠥᠮᠥᠰ ᠤᠨ ᠬᠡᠷᠡᠭᠴᠡᠭᠡ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ᠂ ᠥᠪᠡᠷᠮᠢᠴᠡ ᠣᠨᠴᠠᠯᠢᠭ | ᠪᠦᠬᠦᠢ ᠵᠢᠭᠤᠯᠴᠢᠯᠠᠯ ᠤᠨ ᠦᠢᠯᠡᠳᠬᠦᠨ᠂ ᠵᠢᠭᠤᠯᠴᠢᠯᠠᠯ ᠤᠨ ᠵᠠᠮ ᠱᠤᠭᠤᠮ ᠢ ᠨᠠᠩ ᠣᠯᠠᠨ ᠭᠠᠷᠭᠠᠵᠤ᠂ ᠪᠡᠶᠡᠴᠢᠯᠡᠨ | ᠣᠶᠢᠯᠠᠭᠠᠬᠤ ᠴᠢᠨᠠᠷ ᠪᠠ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ ᠵᠢᠭᠤᠯᠴᠢᠯᠠᠯ ᠤᠨ ᠲᠦᠷᠦᠯ ᠵᠦᠢᠯ ᠢ | ᠨᠡᠭᠡᠭᠡᠨ ᠬᠥᠭᠵᠢᠭᠦᠯᠵᠦ᠂ ᠰᠤᠳᠤᠯᠤᠨ ᠰᠤᠷᠤᠯᠴᠠᠬᠤ᠂ ᠪᠤᠭᠤᠷᠤᠯᠴᠤᠳ᠂ ᠮᠥᠰᠥ ᠴᠠᠰᠤ᠂ ᠲᠡᠯᠡᠶ ᠲᠠᠩᠭᠢᠰ᠂ ᠰᠢᠤᠳᠠᠨ ᠤ | ᠬᠥᠯᠭᠡ ᠣᠩᠭᠤᠴᠠ᠂ ᠪᠠᠷᠲᠠᠭ᠎ᠠ ᠬᠠᠶᠢᠬᠤ᠂ ᠣᠳᠣᠨ ᠮᠡᠴᠢᠳ ᠢ ᠠᠵᠢᠭᠯᠠᠬᠤ᠂ ᠵᠤᠰᠠᠭᠠᠯ ᠳᠤ ᠭᠠᠷᠴᠤ ᠬᠦᠢᠲᠡᠨ ᠠᠴᠠ | ᠵᠠᠶᠢᠯᠠᠬᠤ᠂ ᠬᠤᠲᠠ ᠪᠠᠷ ᠵᠤᠭᠠᠴᠠᠨ ᠲᠣᠭᠤᠷᠢᠬᠤ ᠵᠡᠷᠭᠡ ᠵᠢᠭᠤᠯᠴᠢᠯᠠᠯ ᠤᠨ ᠰᠢᠨ᠎ᠡ ᠦᠢᠯᠡᠳᠬᠦᠨ ᠢ ᠬᠦᠴᠦᠯᠡᠨ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠡᠭᠦᠨ ᠠᠴᠠ ᠭᠠᠳᠠᠨ᠎ᠠ᠂ ᠲᠥᠯᠥᠪᠯᠡᠭᠡ ᠳᠤ ᠡᠯ᠎ᠡ ᠭᠠᠵᠠᠷ ᠤᠨ ᠬᠢᠨ ᠤ ᠵᠢᠭᠤᠯᠴᠢᠯᠠᠯ ᠤᠨ ᠰᠠᠭᠤᠷᠢ | ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ ︵ᠯᠠᠪᠯᠠᠭ᠎ᠠ | ᠶᠢᠨ ᠲᠥᠪ︶᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ᠵᠢᠭᠤᠯᠴᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ᠂ ᠵᠢᠭᠤᠯᠴᠢᠯᠠᠯ ᠤᠨ ᠵᠣᠷᠯᠣᠩ ᠵᠡᠷᠭᠡ ᠵᠢᠭᠤᠯᠴᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠬᠦ ᠶᠢ ᠳᠡᠮᠵᠢᠨ᠎ᠡ᠃ | ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢ | ᠴᠢᠩᠭᠠᠳᠬᠠᠵᠤ᠂ ᠮᠦᠽᠧᠢ ᠵᠡᠷᠭᠡ ᠰᠣᠶᠣᠯ ᠦᠵᠡᠰᠭᠦᠯᠡᠩ ᠤᠨ ᠣᠷᠳᠣᠨ ᠲᠠᠯᠠᠪᠠᠶ ᠶᠢᠨ ᠲᠣᠭᠠᠴᠢᠯᠠᠭᠰᠠᠨ | ᠬᠥᠭᠵᠢᠯᠲᠡ ᠶᠢ ᠶᠡᠭᠡ ᠪᠠᠷ ᠠᠬᠢᠭᠤᠯᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠦᠢᠯᠡᠴᠢᠯᠡᠭᠡ ᠶᠢᠨ | ᠠᠭᠤᠰᠤᠯᠴᠠᠯ ᠢ ᠲᠦᠷᠭᠡᠳᠬᠡᠨ᠎ᠡ ᠭᠡᠵᠦ ᠳᠤᠷᠠᠳᠤᠨ ᠭᠠᠷᠭᠠᠪᠠ᠃ | | | | |