ᠰᠢ ᠶᠢᠨ ᠫᠢᠩ 2023 ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠨ ᠤ ᠲᠦᠷᠦᠭᠦᠴᠦᠳ ᠤᠨ ᠬᠤᠷᠠᠯ ᠤᠨ 10 ᠵᠢᠯ ᠤᠨ ᠣᠢ ᠶᠢᠨ ᠣᠨ ᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/11/15
      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 14 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 14 ᠤ ᠡᠳᠦᠷ 2023 ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠨ ᠤ ᠲᠦᠷᠦᠭᠦᠴᠦᠳ ᠤᠨ ᠬᠤᠷᠠᠯ ᠤᠨ 10 ᠵᠢᠯ ᠤᠨ ᠣᠢ ᠶᠢᠨ ᠣᠨ ᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠢ ᠪᠣᠯ ᠴᠥᠮ ᠳᠤᠮᠳᠠᠳᠤ ᠶᠢᠨ ᠦᠨᠳᠦᠰᠦᠲᠡᠨ ᠤ ᠠᠵᠤ ᠠᠬᠤᠢ ᠳᠤ ᠬᠠᠷᠢᠶᠠᠯᠠᠭᠳᠠᠨ᠎ᠠ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠬ᠎ᠠ ᠳᠡᠭᠦᠦ ᠨᠠᠷ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠨ ᠤ ᠲᠦᠷᠦᠭᠦᠴᠦᠳ ᠤᠨ ᠬᠤᠷᠠᠯ ᠪᠣᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯ ᠵᠢᠴᠢ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠥᠮᠥᠰ ᠤᠨ ᠰᠣᠯᠢᠯᠴᠠᠭ᠎ᠠ᠂ ᠬᠠᠮᠲᠤᠷᠠᠯᠴᠠᠭᠠᠨ ᠤ ᠴᠢᠬᠤᠯᠠ ᠲᠠᠪᠴᠠᠩ ᠪᠠᠶᠢᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠳᠤ ᠴᠢᠬᠤᠯᠠ ᠦᠢᠯᠡᠳᠦᠯ ᠪᠠᠳᠠᠷᠠᠭᠤᠯᠪᠠ᠃ ᠲᠦᠷᠦᠭᠦᠴᠦᠳ ᠤᠨ ᠬᠤᠷᠠᠯ ᠤᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯ ᠤᠨ ᠡᠲᠡᠭᠡᠳ᠂ ᠦᠢᠯᠡᠳᠪᠦᠷᠢ ᠬᠤᠳᠠᠯᠳᠤᠭᠠᠨ ᠤ ᠡᠲᠡᠭᠡᠳ ᠢ ᠥᠷᠭᠡᠨ ᠢᠶᠠᠷ ᠪᠦᠯᠬᠦᠮᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠵᠤ ᠠᠬᠤᠢ ᠶᠢ ᠪᠤᠵᠠᠭᠠᠶᠢᠷᠠᠭᠤᠯᠬᠤ᠂ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠡᠬᠡ ᠣᠷᠣᠨ ᠤ ᠨᠢᠭᠡᠳᠦᠯ ᠤᠨ ᠶᠡᠭᠡ ᠦᠢᠯᠡᠰ ᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠳᠤ ᠥᠷᠭᠡᠨ ᠠᠭᠤᠳᠠᠮ ᠣᠷᠣᠨ ᠵᠠᠢ ᠶᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠬ᠎ᠠ ᠳᠡᠭᠦᠦ ᠨᠠᠷ ᠬᠠᠮᠲᠤ ᠪᠠᠷ ᠲᠡᠮᠡᠴᠡᠬᠦ ᠴᠢᠬᠤᠯᠠᠲᠠᠢ᠃ ᠪᠢᠳᠡ ᠦᠷᠭᠦᠯᠵᠢᠯᠡᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠡᠯ᠎ᠡ ᠬᠦᠷᠢᠶᠡᠨ ᠳᠠᠬᠢ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ᠂ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠳᠦᠷᠢᠮ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠᠷ ᠴᠢᠷᠮᠠᠶᠢᠵᠤ᠂ ᠲᠠᠶᠢᠸᠠᠨ ᠤ ᠠᠬ᠎ᠠ ᠳᠡᠭᠦᠦ ᠨᠠᠷ ᠲᠠᠶᠢᠸᠠᠨ ᠤ ᠠᠵᠤ ᠠᠬᠤᠶᠢᠯᠠᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠳ ᠦᠨᠳᠦᠰᠦᠲᠡᠨ ᠤ ᠶᠡᠭᠡ ᠵᠢᠷᠤᠮ ᠢ ᠪᠠᠷᠢᠮᠲᠠᠯᠠᠵᠤ᠂ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ ᠴᠠᠭ ᠦᠶ᠎ᠡ ᠶᠢᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ᠂ ᠠᠭᠤᠰᠤᠯᠴᠠᠨ ᠬᠥᠭᠵᠢᠬᠦ ᠶᠢ ᠬᠠᠮᠲᠤ ᠪᠠᠷ ᠠᠬᠢᠭᠤᠯᠵᠤ᠂ ᠡᠬᠡ ᠤᠯᠤᠰ ᠤᠨ ᠨᠢᠭᠡᠳᠦᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠬᠠᠮᠲᠤ ᠪᠠᠷ ᠡᠭᠦᠳᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      2023 ᠲᠠᠶᠢᠸᠠᠨ ᠬᠤᠭᠤᠯᠠᠢ ᠶᠢᠨ ᠬᠤᠶᠠᠷ ᠬᠥᠪᠡᠭᠡ ᠶᠢᠨ ᠠᠵᠤ ᠠᠬᠤᠶᠢᠯᠠᠯᠲᠠᠨ ᠤ ᠲᠦᠷᠦᠭᠦᠴᠦᠳ ᠤᠨ ᠬᠤᠷᠠᠯ ᠤᠨ 10 ᠵᠢᠯ ᠤᠨ ᠣᠢ ᠶᠢᠨ ᠣᠨ ᠤ ᠬᠤᠷᠠᠯ ᠨᠢ ︽ᠰᠢᠨ᠎ᠡ ᠪᠠᠶᠢᠷᠢᠰᠢᠯ ᠳᠤᠮᠳᠠ ᠠᠭᠤᠰᠤᠯᠴᠠᠨ ᠬᠥᠭᠵᠢᠬᠦ ᠪᠠ ᠴᠢᠨᠠᠷ ᠰᠠᠶᠢᠲᠠᠢ ᠬᠥᠭᠵᠢᠬᠦ︾ ᠪᠠᠷ ᠭᠤᠣᠯ ᠰᠡᠳᠦᠪ ᠪᠣᠯᠭᠠᠵᠤ᠂ 14 ᠤ ᠡᠳᠦᠷ ᠵᠢᠶᠠᠩᠰᠤ ᠶᠢᠨ ᠨᠠᠨᠵᠢᠩ ᠳᠤ ᠡᠬᠢᠯᠡᠪᠡ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号