ᠦᠴᠤᠸᠠᠨ ᠰᠢᠶᠠᠨ ᠤ ᠬᠥᠬᠡ ᠡᠷᠭᠢ ᠪᠠᠯᠭᠠᠰᠤ᠄ ᠦᠶ᠋ᠯᠡᠴᠢᠯᠡᠭᠡᠨ ᠤ ᠪᠠᠬᠢᠯᠡᠯᠲᠡ ᠶᠢ ᠨᠡᠪᠲᠡᠷᠡᠭᠦᠯᠵᠦ ᠣᠯᠠᠨ ᠲᠦᠮᠡᠨ ᠳᠤ ᠥᠨᠳᠥᠷ ᠪᠦᠲᠦᠮᠵᠢᠲᠡᠶ ᠪᠠᠷ ᠦᠢᠯᠡᠴᠢᠯᠡᠨ᠎ᠡ
ᠨᠡᠶᠢᠲᠡᠯᠡᠭᠰᠡᠨ ᠴᠠᠭ᠄
2023/11/16
     ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠶ︾᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠴᠤᠸᠠᠨ ᠰᠢᠶᠠᠨ ᠤ ᠬᠥᠬᠡ ᠡᠷᠭᠢ ᠪᠠᠯᠭᠠᠰᠤ ᠶᠢᠨ ᠡᠯ᠎ᠡ ᠨᠡᠶᠢᠭᠡᠮ ᠲᠣᠭᠤᠷᠢᠭ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠭᠠᠷᠳᠠᠴᠠ ᠪᠣᠯᠭᠠᠵᠤ᠂ ᠠᠵᠢᠯ ᠤᠨ ᠵᠠᠭᠪᠤᠷ ᠢᠶᠠᠨ ᠬᠤᠪᠢᠷᠠᠭᠤᠯᠵᠤ᠂ ᠠᠵᠢᠯ ᠤᠨ ᠣᠶᠢᠯᠠᠭᠠᠭᠳᠠᠬᠤᠨ ᠢᠶᠠᠨ ᠰᠢᠨᠡᠴᠢᠯᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠳ᠋ᠷ︾ ᠢ ᠢᠳᠡᠪᠬᠢᠲᠡᠢ ᠨᠡᠪᠲᠡᠷᠡᠭᠦᠯᠵᠦ᠂ ᠰᠠᠭᠤᠭᠠᠯᠢ ᠠᠷᠠᠳ ᠲᠤ ᠨᠡᠩ ᠳᠥᠭᠦᠮ ᠳᠥᠲᠡ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠵᠣᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠠᠢ᠃      ᠶᠠᠩ ᠭᠤᠸᠠᠩ ᠨᠡᠶᠢᠭᠡᠮ ᠲᠣᠭᠤᠷᠢᠭ ᠤᠨ ᠬᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠠᠰᠢᠭᠯᠠᠵᠤ᠂ ᠤᠯᠠᠨ ᠲᠦᠮᠡᠨ ᠤ ᠪᠠᠭ᠎ᠠ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠦᠷᠲᠡᠯ᠎ᠡ ᠭᠦᠢᠴᠡᠳᠬᠡᠵᠡᠢ᠃ ᠰᠠᠭᠤᠭᠠᠯᠢ ᠠᠷᠠᠳ ᠵᠠᠩ ᠠᠪᠤᠭᠠᠶ 40᠂ 50 ᠶᠢᠨ ᠨᠥᠬᠦᠪᠥᠷᠢ ᠶᠢᠨ ᠭᠠᠷ ᠭᠦᠢᠴᠡᠳᠬᠡᠯ ᠬᠢᠬᠦ ᠰᠠᠨᠠᠭ᠎ᠠ ᠲᠠᠢ ᠪᠠᠶᠢᠵᠤ᠂ ᠨᠡᠶᠢᠭᠡᠮ ᠲᠣᠭᠤᠷᠢᠭ ᠤᠨ ᠠᠵᠢᠯᠲᠠᠨ ᠪᠥᠬᠦ ᠶᠠᠪᠤᠴᠠ ᠳᠤ ᠣᠷᠣᠯᠠᠨ ᠭᠦᠢᠴᠡᠳᠬᠡᠵᠦ᠂ ᠵᠠᠩ ᠠᠪᠤᠭᠠᠶ ᠳᠤ ᠦᠨᠡᠨ ᠪᠣᠳᠠᠲᠠᠶ ᠲᠥᠬᠦᠮ ᠨᠥᠬᠦᠴᠡᠯ ᠢ ᠣᠯᠭᠤᠭᠰᠠᠨ ᠪᠠᠶᠢᠨ᠎ᠠ᠃ ᠨᠠᠰᠤᠲᠠᠶᠢᠴᠤᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠨᠢ ᠲᠤᠰᠢᠶᠠᠯᠭᠠᠬᠤ ᠠᠴᠠ ᠠᠪᠤᠭᠠᠳ ᠪᠡᠶ᠎ᠡ ᠮᠠᠬᠠᠪᠣᠳ ᠳᠥᠭᠦᠮ ᠦᠭᠡᠢ ᠤᠯᠠᠨ ᠲᠦᠮᠡᠨ ᠤ ᠪᠠᠭ᠎ᠠ ᠬᠦᠴᠢᠷᠳᠡᠯ ᠢ ᠨᠢ ᠰᠢᠢᠳᠪᠦᠷᠢᠯᠡᠬᠦ ᠬᠦᠷᠲᠡᠯ᠎ᠡ᠂ ᠬᠠᠪᠰᠤᠷᠤᠨ ᠭᠦᠢᠴᠡᠳᠬᠡᠭᠴᠢᠳ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠳᠠ ᠦᠭᠡᠢ ᠥᠷᠭᠡᠳᠬᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠬᠠᠮᠲᠤ᠂ ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠬᠡᠬᠦ ᠳᠡᠭᠡᠨ ︽ᠠᠳᠡ ᠲᠡᠨᠳᠡ ᠭᠦᠶᠦᠬᠦ︾ ᠶᠠᠷᠰᠢᠭ ᠢ ᠪᠠᠭᠠᠰᠬᠠᠵᠤ᠂ ᠠᠷᠠᠳ ᠤᠨ ᠰᠠᠨᠠᠭ᠎ᠠ ᠶᠢ ᠰᠡᠳᠬᠢᠯ ᠲᠠᠯᠪᠢᠨ ᠴᠤᠭᠯᠠᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠳᠤ ᠦᠨᠡᠨᠬᠦ ᠦᠢᠯᠡᠴᠢᠯᠡᠭᠡ ᠬᠦᠷᠲᠡᠭᠡᠵᠦ᠂ ᠪᠣᠳᠠᠲᠤ ᠠᠰᠢᠭ ᠬᠦᠷᠲᠡᠭᠡᠵᠡᠢ᠃      ᠪᠢᠨ ᠾᠧ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠮᠠᠰᠢ ᠣᠯᠠᠨ ᠥᠨᠳᠥᠷ ᠨᠠᠰᠤᠲᠠᠨ ᠤ ᠦᠷ᠎ᠡ ᠬᠡᠦᠬᠡᠳ ᠳᠡᠷᠭᠡᠳᠡ ᠨᠢ ᠪᠠᠶᠢᠬᠤ ᠦᠭᠡᠶ᠂ ᠡᠯ᠎ᠡ ᠵᠦᠢᠯ ᠤᠨ ᠭᠡᠷᠡᠴᠢᠯᠡᠯ ᠢ ᠰᠦᠯᠵᠢᠶᠡᠨ ᠳᠡᠭᠡᠷ᠎ᠡ ᠬᠢᠬᠦ ᠨᠢ ᠨᠠᠰᠤᠲᠠᠶᠢᠴᠤᠳ ᠲᠤ ᠠᠪᠴᠤ ᠬᠡᠯᠡᠪᠡᠯ ᠨᠡᠯᠢᠶᠡᠳ ᠬᠦᠴᠢᠷᠲᠡᠶ ᠶᠤᠮ᠂ ᠡᠨᠡ ᠬᠦ ᠪᠠᠶᠢᠳᠠᠯ ᠳᠤ ᠴᠢᠭᠯᠡᠭᠦᠯᠦᠨ᠂ ᠪᠢᠨ ᠾᠧ ᠨᠡᠶᠢᠭᠡᠮ ᠲᠣᠭᠤᠷᠢᠭ ᠤᠨ ᠬᠢᠨ ︽ᠰᠤᠷᠤᠯᠴᠠᠯᠭ᠎ᠠ ᠶᠢ ᠬᠡᠷ ᠲᠤᠨᠢ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠲᠡᠳᠡᠭᠡᠷ ᠬᠡᠤᠬᠡᠳ ᠨᠢ ᠳᠡᠷᠭᠡᠳᠡ ᠨᠢ ᠪᠠᠶᠢᠬᠤ ᠥᠬᠡᠶ ᠥᠨᠳᠥᠷ ᠨᠠᠰᠤᠲᠠᠶ ᠨᠠᠰᠤᠲᠠᠶᠢᠴᠤᠳ ᠲᠤ ᠭᠠᠷ ᠤᠲᠠᠰᠤᠨ ᠤ ᠵᠥᠭᠡᠯᠡᠨ ᠲᠣᠨᠤᠭ ᠤᠨ ᠠᠵᠢᠯᠯᠠᠭ᠎ᠠ ᠶᠢ ᠰᠤᠷᠤᠯᠴᠠᠭᠤᠯᠬᠤ ᠶᠢᠨ ᠬᠠᠮᠲᠤ ᠰᠠᠭᠤᠭᠠᠯᠢ ᠠᠷᠠᠳ ᠤᠨ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠣᠶᠢᠯᠭᠠᠵᠤ᠂ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠮᠡᠳᠡᠷᠡᠭᠦᠯᠵᠦ᠂ ᠣᠯᠠᠨ ᠲᠦᠮᠡᠨ ᠤ ︽ᠰᠠᠨᠠᠭ᠎ᠠ ᠵᠣᠪᠠᠭ᠋ᠤ ᠶᠠᠪᠤᠳᠠᠯ︾ ᠢ ︽ᠰᠡᠳᠬᠢᠯ ᠠᠭᠤᠵᠢᠷᠠᠬᠤ ᠶᠠᠪᠤᠳᠠᠯ︾ ᠪᠣᠯᠭᠠᠭᠰᠠᠨ ᠪᠠᠶᠢᠨ᠎ᠠ᠃      ᠰᠢᠩ ᠱᠧᠩ ᠨᠡᠶᠢᠭᠡᠮ ᠲᠣᠭᠤᠷᠢᠭ ᠤᠨ ᠬᠢᠨ ︽ᠬᠡᠷ ᠲᠤᠨᠢ ᠬᠦᠷᠴᠦ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠬᠢᠯᠭᠡᠬᠦ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠠᠮᠢᠯᠠᠭᠤᠯᠬᠤ ᠵᠡᠷᠭᠡ ᠵᠦᠢᠯᠡᠰ ᠢ ᠭᠦᠢᠴᠡᠳᠬᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠨᠠᠩ ᠨᠠᠷᠢᠯᠢᠭ ᠣᠨᠣᠴᠠᠲᠠᠶ ᠪᠣᠯᠭᠠᠬᠤ ᠶᠢ ᠦᠨᠡᠨ ᠬᠦ ᠪᠠᠲᠤᠯᠠᠪᠠ᠃ ᠬᠡᠷ ᠲᠤᠨᠢ ᠣᠴᠢᠵᠤ ᠦᠢᠯᠡᠴᠢᠯᠡᠬᠦ ᠨᠢ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠴᠠᠭ ᠢ ᠪᠣᠭᠤᠨᠢᠰᠬᠠᠵᠤ᠂ ︽ᠣᠯᠠᠨ ᠲᠦᠮᠡᠨ ᠥᠴᠦᠬᠡᠨ ᠴᠦ ᠭᠦᠶᠦᠭᠰᠡᠨ ᠥᠬᠡᠶ︾ ᠪᠠᠶᠢᠬᠤ ᠦᠶ᠋ᠯᠡᠴᠢᠯᠡᠭᠡᠨ ᠤ ᠵᠣᠷᠢᠯᠲᠠ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠳᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃      ᠰᠢ ᠭᠤᠸᠠᠨ ᠵᠢᠩ ᠨᠡᠶᠢᠭᠡᠮ ᠲᠣᠭᠤᠷᠢᠭ ᠨᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠬᠠᠶᠢᠷ᠎ᠠ ᠶᠢ ᠴᠢᠮ᠎ᠠ ᠳᠤ ᠰᠣᠨᠣᠰᠬᠠᠬᠤ ᠬᠡᠷᠡᠭᠲᠡᠶ︾ ᠭᠡᠰᠡᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠴᠢᠬᠢ ᠬᠠᠮᠠᠷ ᠬᠤᠭᠤᠯᠠᠶ ᠶᠢᠨ ᠬᠤᠯᠪᠣᠭᠳᠠᠯ ᠪᠦᠬᠦᠢ ᠡᠪᠡᠳᠴᠢᠨ ᠤ ᠪᠠᠶᠢᠴᠠᠭᠠᠯᠲᠠ ᠶᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠭᠰᠠᠨ ᠪᠥᠭᠡᠳ ᠡᠮᠴᠢᠯᠡᠭᠡᠨ ᠤ ᠰᠠᠨᠠᠭᠤᠯᠭ᠎ᠠ ᠪᠠ ᠡᠳᠦᠷ ᠲᠤᠲᠤᠮ ᠤᠨ ᠰᠤᠪᠢᠯᠠᠬᠤ ᠠᠷᠭ᠎ᠠ ᠶᠢ ᠭᠠᠷᠭᠠᠵᠤ᠂ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠪᠠᠲᠤᠯᠠᠭ᠎ᠠ ᠣᠯᠭᠤᠭᠰᠠᠨ ᠪᠥᠭᠡᠳ ᠨᠡᠶᠢᠭᠡᠮ ᠲᠣᠭᠤᠷᠢᠭ ᠲᠤ ᠡᠷᠡᠭᠦᠯ ᠮᠡᠨᠳᠦ ᠠᠮᠢᠳᠤᠷᠠᠯ ᠤᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃      ᠶᠢᠩ ᠪᠢᠨ ᠨᠡᠶᠢᠭᠡᠮ ᠲᠣᠭᠤᠷᠢᠭ ᠤᠨ ᠬᠢᠨ ᠰᠤᠷᠪᠤᠯᠵᠢᠯᠠᠬᠤ ᠠᠷᠭ᠎ᠠ ᠮᠠᠶ᠋ᠢᠭ ᠢ ᠠᠪᠴᠤ᠂ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ︾ ᠠᠰᠠᠭᠤᠳᠠᠯ ᠢ ᠠᠩᠬᠠᠷᠤᠨ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠰ ᠨᠡᠶᠢᠭᠡᠮ ᠲᠣᠭᠤᠷᠢᠭ ᠤᠨ ᠬᠢᠨ ᠰᠤᠷᠪᠤᠯᠵᠢᠯᠠᠬᠤ ᠱᠠᠭᠠᠷᠳᠠᠯᠭ᠎ᠠ᠂ ᠡᠭᠦᠷᠭᠡ ᠶᠢᠨ ᠬᠤᠪᠢᠶᠠᠷᠢᠯᠠᠯ ᠵᠢᠴᠢ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠣᠳᠣᠷᠬᠠᠶ ᠪᠣᠯᠭᠠᠵᠤ᠂ ᠣᠳᠣᠬᠠᠨ ᠳᠤ ᠨᠢᠭᠡᠨᠲᠡ 78 ᠡᠷᠦᠬᠡ ᠰᠠᠭᠤᠭᠠᠯᠢ ᠠᠷᠠᠳ ᠤᠨ ᠬᠡᠷ ᠪᠦᠯᠢ ᠳᠤ ᠬᠦᠷᠴᠦ᠂ 53 ᠬᠤᠪᠢ ᠭᠤᠮᠣᠳᠠᠯ ᠱᠠᠭᠠᠷᠳᠠᠯᠭ᠎ᠠ ᠶᠢ ᠴᠤᠭᠯᠠᠭᠤᠯᠤᠭᠰᠠᠨ ᠪᠠᠶᠢᠨ᠎ᠠ᠃ ᠴᠤᠭᠯᠠᠭᠤᠯᠵᠤ ᠣᠯᠤᠭᠰᠠᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠨᠡᠶᠢᠭᠡᠮ ᠲᠣᠭᠤᠷᠢᠭ ᠤᠨ ᠬᠢᠨ ᠬᠤᠷᠢᠶᠠᠩᠭᠤᠶᠢᠯᠠᠨ ᠡᠮᠬᠢᠳᠬᠡᠵᠦ᠂ ᠴᠠᠭ ᠲᠤᠬᠠᠶ ᠳᠤᠨᠢ ᠮᠥᠷᠳᠡᠨ ᠲᠠᠶᠢᠯᠪᠤᠷᠢᠯᠠᠵᠤ᠂ ᠵᠥᠪᠳᠡᠯᠴᠡᠨ ᠰᠢᠢᠳᠪᠦᠷᠢᠯᠡᠬᠦ ᠪᠤᠶᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠰᠢᠢᠳᠪᠦᠷᠢᠯᠡᠭᠦᠯᠬᠦ ᠶᠢᠨ ᠬᠠᠮᠲᠤ ᠮᠥᠷᠳᠡᠨ ᠬᠠᠷᠢᠭᠤ ᠰᠤᠷᠪᠤᠯᠵᠢᠯᠠᠭ᠎ᠠ ᠬᠢᠨ᠎ᠠ᠃ ᠰᠤᠷᠪᠤᠯᠵᠢᠯᠠᠬᠤ ᠠᠵᠢᠯᠯᠠᠭ᠎ᠠ ᠨᠢ ᠰᠠᠭᠤᠭᠠᠯᠢ ᠠᠷᠠᠳ ᠤᠨ ᠬᠠᠯᠠᠭᠤᠨ ᠳᠡᠮᠵᠢᠯᠭᠡ ᠪᠠ ᠬᠠᠮᠵᠢᠯᠴᠠᠭ᠎ᠠ ᠶᠢ ᠣᠯᠤᠭᠰᠠᠨ ᠤ ᠬᠠᠮᠲᠤ ᠪᠠᠰᠠ ᠨᠡᠶᠢᠭᠡᠮ ᠲᠣᠭᠤᠷᠢᠭ ᠤᠨ ᠠᠵᠢᠯ ᠳᠤ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ᠃      ᠡᠯ᠎ᠡ ᠵᠦᠢᠯ ᠤᠨ ᠦᠢᠯᠡᠴᠢᠯᠡᠭᠡᠨ ᠤ ᠳᠡᠯᠭᠡᠷᠡᠭᠦᠯᠦᠯᠲᠡ ᠳᠣᠣᠷ᠎ᠠ᠂ ᠤᠯᠠᠨ ᠲᠦᠮᠡᠨ ᠤ ᠠᠮᠢᠳᠤᠷᠠᠯ ᠳᠤ ᠮᠠᠰᠢ ᠤᠯᠠᠨ ᠲᠦᠬᠦᠮ ᠪᠠ ᠬᠠᠯᠠᠭᠤᠨ ᠳᠤᠯᠠᠭᠠᠨ ᠨᠡᠮᠡᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠨᠡᠩ ᠭᠦᠨ ᠰᠠᠭᠤᠭᠳᠠᠵᠤ᠂ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号