ᠦᠴᠤᠸᠠᠨ ᠰᠢᠶᠠᠨ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/16
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠵᠢᠴᠢ ᠠᠵᠢᠯ ᠤᠨ ᠬᠢᠯᠠᠰ ᠴᠡᠭ ᠢ ᠭᠦᠨᠵᠡᠭᠡᠢ ᠰᠣᠯᠢᠯᠴᠠᠵᠤ ᠂ ᠠᠳᠠᠯᠢᠳᠬᠠᠬᠤ ᠰᠤᠷᠤᠯᠴᠠᠬᠤ ᠭᠦᠢᠴᠡᠵᠦ ᠳᠠᠪᠠᠭ᠋ᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ᠂ ᠬᠠᠷᠢᠯᠴᠠᠨ ᠵᠣᠷᠢᠭᠵᠢᠭᠤᠯᠵᠤ ᠬᠠᠮᠲᠤᠪᠠᠷ ᠤᠷᠤᠭᠰᠢᠯᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 11 ᠰᠠᠷ᠎ᠠ ᠶᠢᠨ 10 ᠤ ᠡᠳᠦᠷ᠂ ᠦᠴᠤᠸᠠᠨ ᠰᠢᠶᠠᠨ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 60 ᠭᠠᠷᠤᠶ ᠬᠥᠮᠦᠨ ᠢ ᠵᠣᠬᠢᠶᠠᠨ ᠪᠠᠶᠢᠭᠤᠯᠵᠤ ᠦᠴᠤᠸᠠᠨ ᠰᠢᠶᠠᠨ ᠤ ᠰᠢᠭᠦᠬᠦ ᠬᠤᠷᠢᠶᠠᠨ ᠳᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠬᠦᠷᠴᠦ ᠲᠣᠭᠤᠷᠢᠨ ᠦᠵᠡᠪᠡ᠃
     ᠣᠯᠠᠨ ᠢᠶᠠᠷ ᠢᠶᠠᠨ ᠡᠩ ᠲᠡᠷᠢᠭᠦᠨ ᠳᠤ ᠦᠴᠤᠸᠠᠨ ᠰᠢᠶᠠᠨ ᠤ ᠰᠢᠭᠦᠬᠦ ᠬᠤᠷᠢᠶᠠᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯ ᠤᠨ ᠦᠵᠡᠭᠦᠯᠦᠯᠭᠡ ᠶᠢᠨ ᠰᠠᠮᠪᠠᠷ᠎ᠠ ᠶᠢ ᠦᠵᠡᠵᠦ᠂ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠳᠠᠷᠠᠭ᠎ᠠ ᠨᠢ ᠭᠤᠣᠯ ᠰᠡᠳᠦᠪᠲᠦ ᠬᠥᠮᠦᠵᠢᠯ ᠤᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠵᠢᠴᠢ ᠠᠵᠢᠯ ᠤᠨ ᠲᠤᠰᠬᠠᠢ ᠠᠩᠬᠢ ᠶᠢᠨ ᠠᠯᠪᠠᠨ ᠭᠡᠷ ᠢ ᠲᠣᠭᠤᠷᠢᠨ ᠦᠵᠡᠵᠦ᠂ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠤᠷᠪᠠᠭᠤᠯᠤᠨ ᠦᠵᠡᠵᠦ᠂ ᠰᠢᠭᠦᠬᠦ ᠬᠤᠷᠢᠶᠠᠨ ᠤ ᠭᠤᠣᠯ ᠰᠡᠳᠦᠪᠲᠦ ᠬᠥᠮᠦᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠳᠠᠷᠠᠭ᠎ᠠ ᠳᠤᠨᠢ ︽ᠡᠷᠲᠡᠨ ᠤ ᠪᠠᠯᠭᠠᠰᠤᠨ ᠤ ᠬᠤᠩᠬᠤᠨ ᠳᠠᠭᠤᠨ — ᠦᠴᠤᠸᠠᠨ ᠰᠢᠶᠠᠨ ᠤ ᠨᠠᠮ ᠤᠨ ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ︾ ᠢ ᠲᠣᠭᠤᠷᠢᠨ ᠦᠵᠡᠪᠡ᠃      ᠤᠯᠠᠨ ᠢᠶᠠᠷ ᠢᠶᠠᠨ ᠲᠣᠭᠤᠷᠢᠨ ᠦᠵᠡᠬᠦ ᠪᠠᠷ ᠳᠠᠮᠵᠢᠨ ᠵᠥᠷᠢᠶ᠎ᠡ ᠪᠠᠨ ᠣᠯᠵᠤ᠂ ᠲᠤᠷᠰᠢᠯᠭ᠎ᠠ ᠣᠯᠵᠤ ᠰᠤᠷᠴᠠᠢ᠂ ᠬᠤᠶᠢᠰᠢᠳᠠ ᠲᠡᠷᠢᠭᠦᠨ ᠤ ᠨᠢᠭᠡᠴᠢ ᠠᠴᠠ ᠴᠢᠷᠮᠠᠶᠢᠨ ᠰᠤᠷᠤᠯᠴᠠᠵᠤ᠂ ᠤᠯᠤᠰ ᠲᠦᠷᠦ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠳᠡᠭᠡᠷ᠎ᠡ ᠦᠨᠡᠨᠬᠦ ᠢᠯᠡᠷᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠤᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠭᠡᠵᠦ ᠢᠯᠡᠳᠬᠡᠵᠡᠭᠡᠪᠡ᠃                ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号