ᠶᠠᠩ ᠰᠢᠩ ᠱᠧᠩ ᠮᠠᠨ ᠤ ᠰᠢᠶᠠᠨ ᠤ ᠬᠡᠰᠡᠭ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/11/16
     11 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠦᠯᠬᠦᠮ ᠳᠠᠭᠠᠭᠤᠯᠤᠨ ᠤᠷᠢᠳ ᠬᠤᠵᠢᠳ ᠮᠠᠨ ᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠪᠠ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠬᠦᠷᠴᠦ ᠭᠤᠤᠯᠳᠠᠯᠭ᠎ᠠ ᠲᠠᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ ᠬᠢᠨᠠᠨ ᠵᠢᠯᠣᠭᠤᠳᠪᠠ᠃      ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠶᠠᠩ ᠰᠢᠩ ᠱᠧᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠨ ᠤ ᠪᠠᠶᠢᠷᠢᠯᠠᠭᠤᠯᠤᠯᠲᠠ ᠵᠢᠴᠢ ᠡᠯ᠎ᠡ ᠴᠢᠳᠠᠮᠵᠢᠲᠦ ᠣᠷᠣᠨ ᠤ ᠬᠠᠮᠢᠶᠠᠷᠤᠯᠲᠠ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠭᠦᠨ ᠤ ᠬᠠᠮᠲᠤ ︽ᠤᠴᠢᠷ ᠶᠠᠪᠤᠳᠠᠯ ᠪᠦᠲᠦᠭᠡᠵᠦ ᠳᠡᠶᠢᠯᠬᠦ ᠥᠬᠡᠶ︾᠂ ᠲᠤᠰᠬᠠᠬᠤ᠂ ᠠᠵᠢᠯ ᠣᠯᠭᠤᠯᠲᠠ᠂ ᠡᠷᠡᠭᠦᠯ ᠬᠠᠮᠠᠭᠠᠯᠠᠯ᠂ ᠡᠮᠴᠢᠯᠡᠭᠡᠨ ᠤ ᠳᠠᠭᠠᠳᠬᠠᠯ ᠵᠡᠷᠭᠡ ᠴᠣᠩᠬᠤᠨ ᠳᠤ ᠬᠦᠷᠴᠦ ᠂ ᠠᠵᠢᠯᠲᠠᠨ ᠵᠢᠴᠢ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠡᠯ᠎ᠡ ᠴᠣᠩᠬᠤᠨ ᠤ ᠦᠢᠯᠡᠴᠢᠯᠡᠭᠡᠨ ᠤ ᠵᠦᠢᠯᠡᠰ᠂ ᠠᠵᠢᠯ ᠶᠠᠪᠤᠳᠠᠯ ᠭᠦᠢᠴᠡᠳᠬᠡᠬᠦ ᠶᠠᠪᠤᠴᠠ᠂ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠢᠴᠢ ᠬᠠᠮᠢᠶ᠎ᠠ ᠪᠥᠬᠦᠶ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠬᠡᠬᠦ ᠶᠠᠪᠤᠴᠠ ᠶᠢ ᠲᠤᠬᠠᠶ ᠶᠢᠨ ᠲᠠᠯᠠᠪᠤᠷ ᠲᠤᠨᠢ ᠰᠢᠯᠭᠠᠨ ᠪᠠᠶᠢᠴᠠᠭᠠᠵᠤ᠂ ᠠᠵᠢᠯ ᠤᠨ ᠦᠷ᠎ᠡ ᠪᠦᠲᠦᠮᠵᠢ ᠶᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠣᠯ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠠᠵᠤ ᠠᠬᠤᠶᠢᠯᠠᠯ ᠪᠣᠯᠤᠨ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠴᠢᠬᠤᠯᠠ ᠲᠠᠪᠴᠠᠩ ᠪᠣᠯᠤᠨ᠎ᠠ᠂ ᠠᠵᠤ ᠠᠬᠤᠶᠢᠯᠠᠯ ᠪᠠ ᠤᠯᠠᠨ ᠲᠦᠮᠡᠨ ᠳᠤ ᠰᠢᠭᠤᠳ ᠦᠢᠯᠡᠴᠢᠯᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠥᠨ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ ᠠᠬᠤᠶᠢᠯᠠᠯ᠂ ᠤᠯᠠᠨ ᠲᠦᠮᠡᠨ ᠤ ᠪᠣᠳᠠᠲᠠᠶ ᠬᠡᠷᠡᠭᠴᠡᠭᠡ ᠶᠢ ᠪᠦᠬᠦ ᠲᠠᠯ᠎ᠠ ᠪᠠᠷ ᠡᠮᠬᠢᠯᠡᠨ ᠶᠡᠷᠦᠩᠬᠡᠶᠢᠯᠡᠨ ᠪᠣᠳᠣᠯᠬᠢᠯᠠᠵᠤ᠂ ᠠᠵᠢᠯ ᠶᠠᠪᠤᠳᠠᠯ ᠡᠷᠬᠢᠯᠡᠬᠦ ᠴᠣᠩᠬᠤ ᠶᠢ ᠵᠦᠢ ᠵᠣᠬᠢᠰᠲᠠᠶ ᠪᠠᠶᠢᠷᠢᠰᠢᠭᠤᠯᠵᠤ᠂ ᠶᠡᠷᠦᠩᠬᠡᠶᠢᠯᠡᠨ ᠭᠦᠢᠴᠡᠳᠬᠡᠬᠦ ᠴᠣᠩᠬᠤᠨ ᠤ ᠬᠡᠷᠡᠭ ᠶᠠᠪᠤᠳᠠᠯ ᠢ ᠭᠦᠢᠴᠡᠳᠬᠡᠬᠦ ᠶᠢ ᠰᠢᠨ᠎ᠡ ᠶᠢ ᠡᠭᠦᠳᠬᠦ ᠴᠢᠨᠠᠷᠲᠠᠶ ᠪᠠᠷ ᠡᠮᠬᠢᠯᠡᠨ ᠨᠡᠶᠢᠯᠡᠭᠦᠯᠬᠦ ᠴᠢᠨᠠᠷᠲᠠᠶ ᠪᠠᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ ᠶᠢ ᠲᠦᠷᠭᠡᠪᠴᠢᠯᠡᠨ ᠠᠬᠢᠭᠤᠯᠵᠤ᠂ ᠠᠵᠤ ᠠᠬᠤᠶᠢᠯᠠᠯ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ ᠶᠢ ᠲᠦᠷᠭᠡᠳᠬᠡᠨ ᠠᠬᠢᠭᠤᠯᠵᠤ᠂ ᠥᠷᠭᠡᠨ ᠤᠯᠠᠨ ᠲᠦᠮᠡᠨ ᠳᠤ ᠨᠡᠩ ᠴᠢᠨᠠᠷ ᠰᠠᠶᠢᠲᠠᠢ᠂ ᠥᠨᠳᠥᠷ ᠦᠷ᠎ᠡ ᠠᠰᠢᠭᠲᠠᠢ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠨᠬᠦ ᠬᠠᠩᠭᠠᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠪᠦᠬᠦ ᠶᠠᠪᠤᠴᠠ ᠶᠢᠨ ᠮᠠᠶ᠋ᠢᠭ︾ ᠤᠨ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠪᠤᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ ᠬᠥᠮᠦᠰ ᠤᠨ ᠰᠡᠳᠬᠢᠯ ᠢ ᠳᠤᠯᠠᠭᠠᠴᠠᠭᠤᠯᠬᠤ ᠶᠢᠨ ᠬᠠᠮᠲᠤ ᠴᠤᠩᠬᠤᠪᠴᠢ ᠶᠢᠨ ᠠᠵᠢᠯᠳᠠᠨ ᠤ ᠪᠣᠯᠪᠠᠰᠤᠷᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠶᠠᠩ ᠰᠢᠩ ᠱᠧᠩ ᠨᠡᠷ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ᠂ ᠴᠢᠳᠠᠪᠬᠢ ᠶᠢᠨ ᠲᠣᠬᠢᠷᠠᠭᠤᠯᠤᠯᠲᠠ᠂ ᠡᠵᠡᠩᠨᠡᠯᠲᠡ ᠶᠢᠨ ᠵᠠᠭᠪᠤᠷ ᠪᠣᠯᠤᠨ ᠪᠦᠷᠬᠦᠴᠡ ᠶᠢᠨ ᠬᠡᠪᠴᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠷᠡ ᠱᠠᠭᠠᠷᠳᠠᠭᠰᠠᠨ ᠨᠢ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠨᠢ ᠠᠮᠢᠳᠤᠯᠢᠭ ᠢᠶᠠᠷ ᠣᠶᠢᠷ᠎ᠠ ᠬᠠᠪᠢ ᠳᠠᠭᠠᠨ ᠠᠵᠢᠯ ᠣᠯᠭᠤᠬᠤ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠲᠠᠢ᠂ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠳᠦᠷᠢᠮᠵᠢᠭᠦᠯᠦᠯᠲᠡ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠷᠢᠯᠢᠬᠵᠢᠭᠤᠯᠤᠭᠰᠠᠨ ᠦᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢᠨ ᠬᠠᠮᠲᠤ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠤᠨ ᠨᠡᠶᠢᠭᠡᠮ ᠤᠨ ᠣᠶᠢᠯᠠᠭᠠᠬᠤ ᠨᠤᠷᠮ᠎ᠠ ᠪᠠ ᠬᠠᠮᠤᠷᠬᠤ ᠬᠡᠪᠴᠢᠶ᠎ᠡ ᠶᠢ ᠦᠨᠡᠨᠬᠦ ᠳᠡᠭᠡᠭᠰᠢᠯᠡᠭᠦᠯᠵᠦ᠂ ᠥᠷᠭᠡᠨ ᠤᠯᠠᠨ ᠠᠵᠢᠯ ᠤᠯᠬᠤ ᠬᠦᠰᠡᠯ ᠲᠠᠢ ᠠᠷᠠᠳ ᠢᠷᠭᠡᠳ ᠲᠤ ᠨᠠᠷᠢᠯᠢᠭ ᠣᠨᠣᠴᠠᠲᠠᠶ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠ ᠠᠵᠢᠯ ᠣᠯᠭᠤᠯᠲᠠ ᠶᠢᠨ ᠦᠢᠯᠡᠴᠢᠯᠡᠭᠡ ᠶᠢ ᠡᠳ᠋ᠯᠡᠭᠦᠯᠵᠦ᠂ ᠲᠡᠳᠡᠨ ᠢ ᠬᠠᠪᠰᠤᠷᠤᠨ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠬᠡᠷᠡᠭᠲᠡᠶ᠃      ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠶᠠᠩ ᠰᠢᠩ ᠱᠧᠩ ᠬᠠᠤᠯᠢ ᠬᠡᠷᠡᠭᠵᠢᠭᠦᠯᠬᠦ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠶ ᠤᠶᠢᠯᠠᠭᠠᠨ᠂ ᠲᠤᠰᠬᠠᠶ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠳᠠᠭᠠᠨ ᠳᠠᠳᠮᠠᠭᠠᠶ ᠪᠠᠶᠢᠵᠤ᠂ ᠡᠭᠦᠨ ᠤ ᠤᠯᠠᠮ ᠢᠶᠠᠷ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᡁᠢ ᠵᠢᠶᠠᠨ ᠭᠠᠩ᠂ ᠼᠦᠢ ᠵᠧᠨ ᠬᠤᠸᠠ᠂ ᠵᠠᠩ ᠵᠢᠶᠧ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号