︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ | ᠲᠥᠰᠥᠪ ᠤᠨ ᠬᠠᠮᠢᠶᠠᠷᠤᠯᠲᠠ ᠶᠢᠨ ᠠᠷᠭ᠎ᠠ︾ ︵ᠳᠣᠣᠷ᠎ᠠ ︽ᠠᠷᠭ᠎ᠠ︾ ᠭᠡᠵᠦ ᠳᠥᠭᠦᠮᠴᠢᠯᠡᠨ᠎ᠡ︶ ᠶᠢ 11ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠪᠡ᠃ ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠮᠥᠩᠭᠦ ᠶᠢ | ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠡᠳ᠋ ᠤᠨ ᠵᠠᠰᠠᠭ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠣᠯᠣᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ | ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 8 ᠪᠦᠯᠦᠭ 47 ᠵᠦᠢᠯ ᠢᠶᠠᠷ ᠪᠦᠷᠢᠯᠳᠦᠵᠦ᠂ ᠵᠠᠰᠠᠭ ᠤᠨ | ᠣᠷᠳᠣᠨ ᠤ ᠲᠥᠰᠥᠪ᠂ ᠰᠠᠯᠠᠭ᠎ᠠ ᠮᠥᠴᠢᠷ ᠤᠨ ᠲᠥᠰᠥᠪ᠂ ᠲᠤᠰᠬᠠᠢ ᠪᠡᠯᠡ ᠮᠥᠩᠭᠦ ᠶᠢᠨ ᠲᠥᠰᠥᠪ᠂ ᠲᠥᠰᠥᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠲᠥᠰᠥᠪ ᠤᠨ ᠭᠦᠢᠴᠡᠳᠬᠡᠯ ᠪᠠ ᠵᠠᠰᠠᠭ ᠤᠨ ᠣᠷᠳᠣᠨ ᠤ ᠡᠳ᠋ ᠤᠨ | ᠶᠠᠪᠤᠳᠠᠯ ᠤᠨ ᠮᠡᠳᠡᠭᠦᠯᠦᠯᠲᠡ᠂ ᠲᠥᠰᠥᠪ ᠪᠠ ᠲᠥᠰᠥᠪ ᠤᠨ ᠭᠦᠢᠴᠡᠳᠬᠡᠯ ᠳᠤ ᠬᠢᠨᠠᠯᠲᠠ ᠲᠠᠯᠪᠢᠬᠤ ᠵᠡᠷᠭᠡ ᠲᠠᠯ᠎ᠠ ᠳᠤ | ᠲᠣᠰ ᠲᠣᠰ ᠲᠣᠭᠲᠠᠭᠠᠯ ᠭᠠᠷᠭᠠᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ | ᠲᠥᠰᠥᠪ ᠤᠨ ᠬᠠᠮᠢᠶᠠᠷᠤᠯᠲᠠ ᠶᠢᠨ ᠶᠡᠷᠦᠩᠬᠡᠢ ᠪᠣᠷᠣ ᠲᠥᠯᠥᠪ ᠤᠨ ᠴᠢᠨᠠᠷᠲᠠᠢ ᠲᠣᠭᠲᠠᠭᠠᠯ ᠪᠣᠯᠣᠨ᠎ᠠ᠃ | ︽ᠠᠷᠭ᠎ᠠ︾ ᠳᠤ ᠲᠥᠰᠥᠪ ᠢ ᠨᠢᠭᠡᠳᠦᠯᠲᠡᠢ ᠲᠥᠯᠥᠪᠵᠢᠭᠦᠯᠬᠦ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠵᠤ᠂ | ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ | ᠪᠠᠲᠤᠯᠠᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠨ᠎ᠡ᠃ ᠲᠦᠷᠦᠯ ᠵᠦᠢᠯ ᠢ | ᠲᠥᠰᠥᠪ ᠤᠨ ᠬᠠᠮᠢᠶᠠᠷᠤᠯᠲᠠ ᠶᠢᠨ ᠦᠨᠳᠦᠰᠦᠨ ᠨᠢᠭᠡᠴᠢ ᠪᠤᠯᠭᠠᠵᠤ᠂ ᠲᠦᠷᠦᠯ ᠵᠦᠢᠯ ᠤᠨ ᠪᠦᠭᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷᠦᠯ ᠵᠦᠢᠯ ᠢ ᠬᠥᠮᠥᠷᠭᠡ ᠳᠤ ᠣᠷᠣᠭᠤᠯᠵᠤ | ᠬᠢᠨᠠᠨ ᠲᠣᠭᠲᠠᠭᠠᠬᠤ ᠲᠣᠭᠲᠠᠴᠠ ᠪᠠ ᠲᠦᠷᠦᠯ ᠵᠦᠢᠯ ᠤᠨ ᠦᠷᠭᠦᠯᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ᠲᠥᠰᠥᠪ ᠤᠨ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠲᠥᠰᠥᠪ ᠤᠨ ᠬᠠᠲᠠᠭᠤ ᠬᠢᠵᠠᠭᠠᠷᠯᠠᠯ ᠢ ᠴᠢᠩᠳᠠᠯᠠᠵᠤ᠂ ᠰᠢᠨ᠎ᠡ ᠪᠠᠷ ᠪᠠᠶᠢᠭᠤᠯᠬᠤ ᠲᠤᠰᠬᠠᠢ ᠪᠡᠯᠡ ᠮᠥᠩᠭᠦ ᠶᠢ ᠴᠢᠩᠭ᠎ᠠ | ᠬᠢᠵᠠᠭᠠᠷᠯᠠᠵᠤ᠂ ᠠᠮᠵᠢᠯᠲᠠ ᠪᠦᠲᠦᠮᠵᠢ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ ᠭᠡᠵᠦ ᠲᠣᠭᠲᠠᠭᠠᠪᠠ᠃ | | ᠥᠪᠡᠷᠲᠡᠭᠡᠨ ᠵᠠᠰᠠᠬᠤ ᠣᠷᠣᠨ ᠤ ᠲᠥᠰᠥᠪ ᠢ ᠨᠠᠶᠢᠷᠠᠭᠤᠯᠤᠨ ᠬᠢᠨᠠᠬᠤ ᠲᠥᠪ ᠤᠨ ᠬᠠᠷᠢᠭᠤᠴᠠᠯᠭᠠᠲᠠᠨ ᠠᠴᠠ᠂ | ︽ᠠᠷᠭ᠎ᠠ︾ ᠶᠢ ᠬᠡᠷᠡᠭᠵᠢᠭᠦᠯᠬᠦ ᠨᠢ ᠮᠠᠨ ᠤ ᠣᠷᠣᠨ ᠤ ᠲᠥᠰᠥᠪ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠬᠦ᠂ ᠬᠠᠤᠯᠢ ᠲᠣᠭᠲᠠᠭᠠᠯ ᠶᠣᠰᠣᠭᠠᠷ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ᠂ ᠪᠡᠯᠡ | ᠮᠥᠩᠭᠦ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ᠂ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠳᠤ ᠲᠤᠶᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ ᠪᠠᠰᠠ ᠬᠤᠯᠪᠣᠭᠳᠠᠯ ᠪᠦᠬᠦᠢ ᠳᠦᠷᠢᠮ ᠪᠠ ᠠᠷᠭ᠎ᠠ ᠶᠢ | ᠲᠣᠭᠲᠠᠭᠠᠨ ᠲᠡᠭᠦᠯᠳᠡᠷᠵᠢᠭᠦᠯᠵᠦ᠂ ︽1+N︾ ᠲᠥᠰᠥᠪ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠤᠢ | ᠪᠣᠯᠭᠠᠨ᠎ᠠ ᠭᠡᠪᠡ᠃ | | | | | | | | | | | | | | ᠁ |