ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠬᠦᠭᠡᠷᠦᠮᠵᠢ ᠬᠢᠭᠡᠳ ᠬᠡᠮᠵᠢᠭᠦᠷᠯᠢᠭ ᠢ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠢ ︽ᠮᠧᠩ ᠺᠧ ᠵᠢᠦᠢ︾ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠲᠣᠣᠷ︾ ᠲᠤ ᠭᠠᠷᠭᠠᠪᠠ᠃ ᠲᠣᠰ | ᠦᠢᠯᠡᠴᠢᠯᠡᠭᠡᠨ ᠤ ᠲᠠᠪᠴᠠᠩ ᠨᠢ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠳᠤ | ᠠᠰᠢᠭᠲᠠᠢ ᠪᠠᠶᠢᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ ᠪᠠ ᠲᠣᠮᠣ | ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠢ ᠨᠡᠶᠢᠭᠡᠮ ᠳᠤ ᠬᠠᠨᠳᠤᠭᠤᠯᠤᠨ ᠴᠢᠯᠦᠭᠡᠲᠡᠢ | ᠨᠡᠭᠡᠭᠡᠵᠦ ᠬᠠᠮᠲᠤ ᠪᠠᠷ ᠡᠳ᠋ᠯᠡᠬᠦ ᠶᠢ ᠠᠬᠢᠭᠤᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠬᠦᠭᠡᠷᠦᠮᠵᠢ ᠪᠠ ᠲᠣᠮᠣ ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ | ᠬᠡᠷᠡᠭᠰᠡᠯ ᠢ ᠴᠢᠯᠦᠭᠡᠲᠡᠢ ᠨᠡᠭᠡᠭᠡᠵᠦ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠢ ᠡᠨᠡ ᠵᠢᠯ ᠤᠨ 3 ᠰᠠᠷ᠎ᠠ ᠶᠢᠨ | ᠰᠡᠭᠦᠯᠴᠢ ᠪᠠᠷ ᠲᠠᠰ ᠳᠡᠪᠰᠢᠭᠦᠯᠦᠭᠰᠡᠨ ᠤ ᠳᠠᠷᠠᠭ᠎ᠠ ᠠᠰᠢᠭᠯᠠᠯᠲᠠ ᠳᠤ ᠣᠷᠣᠭᠤᠯᠪᠠ᠃ ᠣᠲᠣ ᠪᠤᠯᠲᠠᠯ᠎ᠠ᠂ ᠲᠠᠪᠴᠠᠩ ᠳᠤ | 2929 ᠰᠠᠭᠤᠷᠢ ︵ᠢᠵᠢ︶ ᠬᠡᠮᠵᠢᠭᠦᠷᠯᠢᠭ ᠢ ᠣᠷᠣᠭᠤᠯᠤᠨ ᠬᠠᠮᠢᠶᠠᠷᠴᠤ᠂ ᠪᠠᠭᠠᠵᠢ ᠬᠡᠷᠡᠭᠰᠡᠯ ᠤᠨ ᠥᠷᠲᠡᠭ ᠨᠢ | ᠨᠡᠶᠢᠲᠡ 26.66 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡ ᠪᠦᠯᠦᠭ ᠨᠡᠶᠢᠳᠡᠮ ᠬᠡᠷᠡᠭᠯᠡᠬᠦ ᠲᠣᠮᠣ ᠭᠡᠯᠪᠡᠷᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠶᠢ ᠪᠠᠭᠲᠠᠭᠠᠵᠤ᠂ ᠲᠤᠭ᠎ᠠ ᠪᠠᠷᠢᠮᠲᠠ ᠶᠢ | ᠵᠣᠯᠭᠠᠭᠤᠯᠬᠤ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ | ᠲᠠᠪᠴᠠᠩ ᠨᠢ ᠬᠥᠷᠥᠰᠥᠨ ᠤ ᠰᠢᠮ᠎ᠡ ᠲᠡᠵᠢᠭᠡᠯ ᠤᠨ ᠡᠯᠧᠮᠧᠨ᠋ᠲ ᠤᠨ ᠠᠭᠤᠯᠤᠭᠳᠠᠴᠠ ᠶᠢᠨ ᠵᠠᠳᠠᠯᠤᠯᠲᠠ᠂ | ᠪᠣᠷᠳᠣᠭᠠᠨ ᠤ ᠪᠦᠷᠢᠯᠳᠦᠭᠦᠨ ᠵᠢᠴᠢ ᠰᠢᠮ᠎ᠡ ᠲᠡᠵᠢᠭᠡᠯ ᠤᠨ ᠵᠠᠳᠠᠯᠤᠯᠲᠠ᠂ ᠨᠡᠭᠦᠷᠡᠰᠦᠨ ᠤ ᠶᠠᠰᠤ ᠴᠢᠨᠠᠷ ᠤᠨ | ᠪᠠᠶᠢᠴᠠᠭᠠᠯᠲᠠ᠂ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠵᠠᠳᠠᠯᠤᠯᠲᠠ᠂ ᠢᠳᠡᠭᠡᠨ ᠤ ᠶᠠᠰᠤ | ᠴᠢᠨᠠᠷ ᠤᠨ ᠵᠠᠳᠠᠯᠤᠯᠲᠠ᠂ ᠴᠢᠯᠠᠭᠤᠯᠢᠭ ᠠᠭᠤᠷᠬᠠᠢ ᠶᠢᠨ ᠰᠢᠯᠭᠠᠨ ᠲᠣᠭᠲᠠᠭᠠᠯᠲᠠ ᠶᠢᠨ ᠬᠦᠷᠢᠶ᠎ᠡ ᠴᠠᠷᠠᠭ᠎ᠠ ᠵᠡᠷᠭᠡ ᠣᠯᠠᠨ | ᠵᠦᠢᠯ ᠤᠨ ᠲᠤᠰᠬᠠᠢ ᠰᠡᠳᠦᠪᠲᠦ ᠦᠢᠯᠡᠴᠢᠯᠡᠭᠡ ᠥᠷᠨᠢᠭᠦᠯᠵᠦ᠂ ᠴᠢᠳᠠᠪᠬᠢ ᠨᠢ ᠪᠦᠷᠢᠨ ᠪᠦᠲᠦᠨ᠂ ᠨᠡᠭᠡᠭᠡᠯᠲᠡ ᠬᠢᠵᠦ | ᠬᠠᠮᠲᠤ ᠪᠠᠷ ᠡᠳ᠋ᠯᠡᠬᠦ᠂ ᠰᠠᠶᠢᠨ ᠡᠷᠭᠢᠯᠲᠡᠲᠦ ᠲᠣᠮᠣ ᠭᠡᠯᠪᠡᠷᠢ ᠶᠢᠨ ᠰᠢᠨᠵᠢᠯᠡᠬᠦ ᠤᠬᠠᠭᠠᠨ ᠤ ᠲᠥᠬᠦᠭᠡᠷᠦᠮᠵᠢ | ᠬᠡᠮᠵᠢᠭᠦᠷᠯᠢᠭ ᠢ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠢ ᠦᠨᠳᠦᠰᠦᠨ ᠳᠡᠭᠡᠨ ᠪᠠᠶᠢᠭᠤᠯᠵᠤ | ᠳᠠᠭᠤᠰᠬᠠᠭᠰᠠᠨ ᠪᠠᠶᠢᠨ᠎ᠠ᠃ ᠣᠳᠣᠬᠠᠨ ᠳᠤ ᠨᠡᠶᠢᠲᠡ 79 ᠬᠠᠮᠢᠶᠠᠷᠤᠯᠲᠠ ᠶᠢᠨ ᠨᠢᠭᠡᠴᠢ ᠲᠣᠰ ᠬᠠᠮᠲᠤ ᠪᠠᠷ ᠡᠳ᠋ᠯᠡᠬᠦ | ᠦᠢᠯᠡᠴᠢᠯᠡᠭᠡᠨ ᠤ ᠲᠠᠪᠴᠠᠩ ᠳᠤ ᠣᠷᠣᠵᠤ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠡᠯ᠎ᠡ | ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠨᠢ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ | ᠬᠡᠷᠡᠭᠴᠡᠭᠡ ᠱᠠᠭᠠᠷᠳᠠᠯᠭ᠎ᠠ ᠪᠠᠨ ᠨᠡᠶᠢᠲᠡᠯᠡᠵᠦ᠂ ᠤᠷᠢᠳᠴᠢᠯᠠᠨ ᠪᠣᠯᠵᠣᠬᠤ ᠪᠠᠷ ᠳᠠᠮᠵᠢᠨ ᠠᠶᠢᠮᠠᠭ ᠬᠤᠲᠠ᠂ ᠬᠦᠷᠢᠶ᠎ᠡ | ᠴᠠᠷᠠᠭ᠎ᠠ᠂ ᠰᠠᠯᠠᠭ᠎ᠠ ᠮᠥᠴᠢᠷ ᠠᠯᠤᠰᠯᠠᠭᠰᠠᠨ᠂ ᠣᠯᠠᠨ ᠲᠠᠰ ᠳᠠᠪᠬᠤᠷᠭ᠎ᠠ ᠶᠢᠨ ᠣᠨᠴᠠᠯᠢᠭᠲᠤ ᠦᠢᠯᠡᠴᠢᠯᠡᠭᠡ ᠬᠦᠷᠲᠡᠵᠦ | ᠪᠣᠯᠣᠨ᠎ᠠ᠃ | | | | | | | | | | | | | | ᠁ |