ᠥᠪᠥᠷ ᠮᠣᠩᠭᠤᠯ 2024 ᠣᠨ ᠳᠤ ᠠᠵᠢᠯ ᠦᠢᠯᠡᠰ ᠤᠨ ᠪᠠᠶᠢᠭᠤᠯᠭ᠎ᠠ ᠳᠤ 11900 ᠠᠵᠢᠯᠲᠠᠨ ᠡᠯᠰᠡᠨ᠎ᠡ
ᠨᠡᠶᠢᠲᠡᠯᠡᠭᠰᠡᠨ ᠴᠠᠭ᠄
2023/11/16
     ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠥᠮᠥᠨ ᠤ ᠨᠥᠭᠡᠴᠡ ᠪᠠ ᠨᠡᠶᠢᠭᠡᠮ ᠤᠨ ᠪᠠᠲᠤᠯᠠᠭᠠᠨ ᠤ ᠲᠢᠩᠬᠢᠮ ᠠᠴᠠ 15 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ 2024 ᠣᠨ ᠤ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠳᠤ ᠢᠯᠠ ᠪᠠᠷ ᠠᠵᠢᠯᠲᠠᠨ ᠡᠯᠰᠡᠬᠦ ᠠᠵᠢᠯ ᠤᠳᠠᠯ ᠦᠭᠡᠢ ᠡᠬᠢᠯᠡᠵᠦ᠂ ᠪᠦᠬᠦ ᠣᠷᠣᠨ ᠤ ᠬᠡᠪᠴᠢᠶᠡᠨ ᠳᠤ ᠨᠡᠶᠢᠭᠡᠮ ᠳᠡᠭᠡᠷ᠎ᠡ ᠠᠴᠠ 11900 ᠰᠢᠬᠠᠮ ᠠᠵᠢᠯᠲᠠᠨ ᠢ ᠢᠯᠠ ᠪᠠᠷ ᠡᠯᠰᠡᠬᠦ ᠪᠠᠷ ᠲᠥᠯᠥᠪᠯᠡᠵᠦ ᠪᠠᠶᠢᠨ᠎ᠠ᠃      ᠡᠨᠡ ᠤᠳᠠᠭᠠᠨ ᠤ ᠠᠵᠢᠯᠲᠠᠨ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠬᠤᠶᠠᠷ ᠱᠠᠲᠤ ᠪᠠᠷ ᠶᠠᠪᠤᠭᠳᠠᠨ᠎ᠠ᠃ ᠲᠤᠬᠠᠶᠢᠯᠠᠪᠠᠯ᠂ ᠨᠢᠭᠡᠳᠦᠭᠡᠷ ᠱᠠᠲᠤᠨ ᠳᠤ ᠲᠥᠷᠥᠯ ᠵᠦᠢᠯ ᠤᠨ ᠠᠵᠢᠯᠲᠠᠨ ᠤ ᠠᠵᠢᠯ ᠤᠨ ᠣᠷᠣᠨ ᠪᠠᠶᠢᠷᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠤᠨ ᠠᠵᠢᠯ ᠤᠨ ᠣᠷᠣᠨ ᠪᠠᠶᠢᠷᠢ ᠳᠤ ᠰᠢᠯᠭᠠᠭᠤᠯᠤᠭᠰᠠᠳ 11 ᠳ᠋ᠦ᠋ᠭᠡᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠃ ᠬᠤᠶᠠᠳᠤᠭᠠᠷ ᠱᠠᠲᠤᠨ ᠳᠤ ᠪᠤᠰᠤᠳ ᠲᠥᠷᠥᠯ ᠤᠨ ᠠᠵᠢᠯ ᠤᠨ ᠣᠷᠣᠨ ᠪᠠᠶᠢᠷᠢ ᠳᠤ ᠰᠢᠯᠭᠠᠭᠤᠯᠤᠭᠰᠠᠳ 11 ᠳ᠋ᠦ᠋ᠭᠡᠷ ᠰᠠᠷ᠎ᠠ ᠶᠢᠨ 23 ᠠᠴᠠ 26 ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠃ ᠰᠢᠯᠭᠠᠭᠤᠯᠤᠭᠰᠠᠳ ᠡᠷᠬᠡᠪᠰᠢ ᠲᠣᠭᠲᠠᠭᠰᠠᠨ ᠬᠤᠭᠤᠴᠠᠭᠠᠨ ᠳᠤ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶᠡᠨ ᠤ ︽ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠰᠢᠯᠭᠠᠯᠲᠠ ᠶᠢᠨ ᠲᠤᠰᠬᠠᠢ ᠪᠤᠯᠤᠩ︾ ᠳᠡᠭᠡᠷ᠎ᠡ ᠭᠠᠷᠴᠤ ᠨᠡᠷ᠎ᠡ ᠪᠠᠨ ᠮᠡᠳᠡᠭᠦᠯᠬᠦ ᠬᠡᠷᠡᠭᠲᠡᠢ᠃      ᠲᠥᠷᠥᠯ ᠬᠤᠪᠢᠶᠠᠵᠤ ᠶᠠᠪᠤᠭᠤᠯᠬᠤ ᠪᠢᠷ ᠤᠨ ᠰᠢᠯᠭᠠᠯᠲᠠ ᠶᠢ 12 ᠳ᠋ᠤᠭᠠᠷ ᠰᠠᠷ᠎ᠠ ᠶᠢᠨ 17 ᠤ ᠡᠳᠦᠷ ᠪᠦᠬᠦ ᠣᠷᠣᠨ ᠤ 12 ᠠᠶᠢᠮᠠᠭ ᠬᠤᠲᠠ ᠶᠢᠨ ᠲᠥᠪ ᠲᠤ ᠵᠡᠷᠭᠡ ᠪᠠᠷ ᠶᠠᠪᠤᠭᠤᠯᠤᠨ᠎ᠠ᠃ ᠥᠷᠭᠡᠨ ᠣᠯᠠᠨ ᠰᠢᠯᠭᠠᠭᠤᠯᠤᠭᠰᠠᠳ ᠠᠵᠢᠯᠲᠠᠨ ᠡᠯᠰᠡᠬᠦ ᠠᠯᠪᠠᠨ ᠮᠡᠳᠡᠭᠡ ᠶᠢ ᠴᠠᠭ ᠢᠮᠠᠭᠲᠠ ᠠᠩᠬᠠᠷᠴᠤ ᠪᠠᠶᠢᠭᠠᠷᠠᠢ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号