ᠰᠡᠷᠭᠦᠯᠡᠩ ᠬᠥᠮᠦᠨ ᠰᠠᠶ᠋ᠢ ᠣᠷᠣᠯᠳᠣᠯᠭ᠎ᠠ ᠶᠢ ᠪᠠᠷᠢᠮᠲᠠᠯᠠᠳᠠᠭ
ᠨᠡᠶᠢᠲᠡᠯᠡᠭᠰᠡᠨ ᠴᠠᠭ᠄
2023/11/16
     1 ᠲᠦᠳᠡ ᠵᠠᠮ ᠭᠡᠳᠡᠭ ᠨᠢ ᠶᠡᠷᠦ ᠳᠡᠭᠡᠨ ᠬᠤᠯᠠ ᠶᠢᠨ ᠵᠠᠮ ᠢ ᠳᠥᠲᠡᠯᠡᠵᠤ ᠶᠠᠪᠤᠬᠤ ᠶᠢ ᠬᠡᠯᠡᠨ᠎ᠡ᠃ ᠭᠡᠬᠦ ᠳᠤ ᠵᠠᠪᠰᠢᠨ ᠳᠠᠯᠢᠮᠳᠠᠭᠤᠯᠵᠤ ᠶᠠᠪᠤᠭᠰᠠᠨ ᠲᠦᠳᠡ ᠵᠠᠮ ᠨᠢᠭᠡᠪᠦᠷᠢ ᠨᠢ ᠲᠣᠭᠤᠷᠢᠭᠤ ᠵᠠᠮ ᠪᠠᠶᠢᠭᠰᠠᠨ ᠭᠡᠳᠡᠭ ᠢ ᠬᠥᠮᠥᠰ ᠬᠤᠵᠢᠮ ᠨᠢ ᠰᠡᠷᠡᠵᠦ ᠮᠡᠳᠡᠳᠡᠭ᠃ ᠵᠠᠪᠰᠢᠨ ᠳᠠᠯᠢᠮᠳᠠᠭᠤᠯᠳᠠᠭ ᠬᠥᠮᠦᠨ ᠰᠢᠯᠢᠳᠡᠭ ᠬᠦᠮᠦᠨ ᠪᠣᠯᠵᠤ ᠴᠢᠳᠠᠬᠤ ᠦᠭᠡᠢ᠂ ᠬᠠᠷᠢᠨ ᠬᠠᠯᠠᠰᠢᠷᠠᠯ ᠦᠭᠡᠢ ᠵᠢᠳᠬᠦᠳᠡᠭ ᠬᠦᠮᠦᠨ ᠯᠡ ᠰᠠᠶ᠋ᠢ ᠰᠢᠯᠢᠳᠡᠭ ᠬᠦᠮᠦᠨ ᠪᠣᠯᠵᠤ ᠴᠢᠳᠠᠨ᠎ᠠ᠃      2 ᠰᠢᠷᠭᠠᠭᠤ ᠴᠢᠷᠮᠠᠶᠢᠯᠭ᠎ᠠ ᠭᠠᠷᠭᠠᠪᠠᠯ ᠰᠠᠶ᠋ᠢ ᠵᠢᠩᠬᠢᠨᠢ ᠡᠷᠳᠡᠮ ᠲᠠᠢ ᠪᠣᠯᠵᠤ ᠴᠢᠳᠠᠨ᠎ᠠ      ᠶᠠᠮᠠᠷᠪᠠ ᠬᠡᠷᠡᠭ ᠶᠠᠪᠤᠳᠠᠯ ᠳᠤ ᠴᠥᠮ ᠬᠠᠲᠠᠭᠤᠵᠢᠯ ᠴᠢᠬᠤᠯᠠ ᠲᠠᠢ᠂ ᠶᠡᠭᠡ ᠶᠢ ᠦᠵᠡᠵᠦ᠂ ᠬᠠᠯᠠᠰᠢᠷᠠᠯ ᠦᠭᠡᠢ ᠴᠢᠷᠮᠠᠶᠢᠯᠭ᠎ᠠ ᠭᠠᠷᠭᠠᠭᠰᠠᠨ ᠬᠦᠮᠦᠨ ᠠᠵᠢᠯ ᠶᠠᠪᠤᠳᠠᠯ ᠢ ᠠᠶᠠᠨᠳᠠᠭᠠᠨ ᠪᠦᠲᠦᠭᠡᠵᠤ ᠴᠢᠳᠠᠨ᠎ᠠ᠃ ᠰᠡᠷᠭᠦᠯᠡᠩ ᠬᠥᠮᠦᠨ ᠬᠠᠯᠠᠰᠢᠷᠠᠯ ᠦᠭᠡᠢ ᠵᠢᠳᠬᠦᠬᠦ ᠪᠠᠨ ᠮᠡᠳᠡᠨ᠎ᠡ᠂ ᠰᠢᠷᠭᠠᠭᠤ ᠴᠢᠷᠮᠠᠶᠢᠯᠭ᠎ᠠ ᠭᠠᠷᠭᠠᠬᠤ ᠶᠢ ᠮᠡᠳᠡᠳᠡᠭ ᠬᠥᠮᠦᠨ᠂ ᠵᠢᠩᠬᠢᠨᠢ ᠡᠷᠳᠡᠮ ᠲᠠᠢ ᠪᠣᠯᠵᠤ ᠴᠢᠳᠠᠨ᠎ᠠ᠃      3 ᠠᠩᠬᠠᠷᠤᠯ ᠢᠶᠠᠨ ᠲᠥᠪᠯᠡᠷᠡᠭᠦᠯᠦᠨ ᠠᠵᠢᠯ ᠬᠢᠬᠦ ᠪᠣᠯ ᠰᠠᠶ᠋ᠢ ᠵᠢᠩᠬᠢᠨᠢ ᠲᠦᠳᠡ ᠵᠠᠮ ᠮᠥᠨ      ᠬᠥᠮᠦᠨ ᠪᠣᠯᠭᠠᠨ ᠤ ᠴᠠᠭ ᠪᠠ ᠬᠦᠴᠦ ᠨᠢ ᠪᠦᠷ ᠬᠢᠵᠠᠭᠠᠷ ᠲᠠᠢ ᠪᠠᠶᠢᠳᠠᠭ᠂ ᠵᠢᠩᠬᠢᠨᠢ ᠴᠢᠳᠠᠮᠠᠭᠠᠢ ᠬᠦᠮᠦᠰ ᠶᠡᠭᠡ ᠶᠢ ᠬᠥᠭᠡᠭᠡᠴᠡᠯᠳᠦᠬᠦ ᠦᠭᠡᠢ ᠪᠣᠯᠪᠠᠴᠤ ᠨᠠᠷᠢᠯᠢᠭ ᠪᠠᠶᠢᠬᠤ ᠶᠢ ᠬᠥᠭᠡᠭᠡᠴᠡᠯᠳᠦᠳᠡᠭ᠃ ᠶᠠᠮᠠᠷ ᠨᠢᠭᠡᠨ ᠴᠠᠷ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠠᠭᠠᠨ ᠳᠠᠭᠠᠭᠠᠮᠠᠭᠠᠶ ᠪᠠᠷᠢᠮᠲᠠᠯᠠᠨ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠲᠤᠷᠰᠢᠯᠭ᠎ᠠ ᠬᠤᠷᠠᠮᠳᠤᠭᠤᠯᠵᠤ᠂ ᠴᠢᠳᠠᠪᠤᠷᠢ ᠪᠠᠨ ᠨᠡᠮᠡᠭᠳᠡᠭᠦᠯᠪᠡᠯ ᠰᠠᠶ᠋ᠢ ᠵᠢᠩᠬᠢᠨᠢ ᠪᠠᠷ ᠳᠡᠭᠡᠭᠰᠢᠯᠡᠵᠦ ᠴᠢᠳᠠᠨ᠎ᠠ᠃ ᠯᠠᠪᠳᠠᠭᠤᠨ ᠲᠣᠭᠲᠠᠭᠤᠨ ᠪᠠᠶᠢᠵᠤ ᠴᠢᠳᠠᠬᠤ ᠪᠣᠯ ᠠᠮᠵᠢᠯᠲᠠ ᠳᠤ ᠬᠦᠷᠬᠦ ᠬᠠᠮᠤᠭ ᠤᠨ ᠲᠦᠳᠡ ᠵᠠᠮ ᠪᠣᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号