ᠡᠳᠡᠭᠡᠷ ᠨᠤᠲᠤᠭ ᠲᠤ 8 —9 ᠳᠡᠰ  ᠤᠨ ᠬᠦᠴᠦᠲᠡᠢ ᠰᠠᠯᠬᠢ ᠰᠠᠯᠬᠢᠯᠠᠨ᠎ᠠ
ᠨᠡᠶᠢᠲᠡᠯᠡᠭᠰᠡᠨ ᠴᠠᠭ᠄
2023/11/16
     ᠥᠨᠥᠳᠦᠷ ᠠᠴᠠ ᠡᠬᠢᠯᠡᠨ ᠰᠢᠨ᠎ᠡ ᠨᠢᠭᠡ ᠡᠭᠡᠯᠵᠢᠨ ᠤ ᠬᠦᠢᠲᠡᠨ ᠤᠷᠤᠰᠬᠠᠯ ᠤᠨ ᠨᠥᠯᠦᠭᠡ ᠪᠠᠷ᠂ ᠣᠯᠠᠨ ᠭᠠᠵᠠᠷ ᠲᠤ ᠶᠡᠭᠡ ᠰᠠᠯᠬᠢ ᠰᠠᠯᠬᠢᠯᠠᠵᠤ᠂ ᠠᠭᠠᠷ ᠤᠨ ᠳᠤᠯᠠᠭᠠᠨ ᠪᠠᠭᠤᠷᠠᠵᠤ᠂ ᠬᠡᠰᠡᠭ ᠭᠠᠵᠠᠷ ᠲᠤ ᠴᠠᠰᠤ ᠣᠷᠣᠬᠤ ᠪᠣᠯᠤᠨ᠎ᠠ᠃ ᠪᠠᠷᠠᠭᠤᠨ ᠪᠡᠶ᠎ᠡ ᠶᠢᠨ ᠣᠷᠣᠨ ᠤ ᠰᠠᠯᠬᠢᠨ ᠤ ᠡᠷᠴᠢ ᠨᠡᠯᠢᠶᠡᠳ ᠬᠦᠴᠦᠲᠡᠢ᠂ ᠳᠤᠮᠳᠠᠴᠢ ᠰᠠᠯᠬᠢᠨ ᠤ ᠬᠡᠮᠵᠢᠶ᠎ᠡ ᠨᠢ 8 ᠳᠡᠰ ᠠᠴᠠ ᠳᠡᠭᠡᠭᠰᠢ ᠪᠠᠶᠢᠵᠤ᠂ ᠬᠡᠰᠡᠭ ᠭᠠᠵᠠᠷ ᠲᠤ 9 ᠳᠡᠰ ᠲᠤ ᠬᠦᠷᠦᠨ᠎ᠡ᠃      16 ᠤ ᠡᠳᠦᠷ ᠤᠨ 8 ᠴᠠᠭ ᠠᠴᠠ 17 ᠤ ᠡᠳᠦᠷ ᠤᠨ 8 ᠴᠠᠭ ᠪᠣᠯᠲᠠᠯ᠎ᠠ᠂ ᠳᠤᠮᠳᠠ ᠪᠡᠶ᠎ᠡ ᠶᠢᠨ ᠵᠡᠭᠦᠨ ᠬᠡᠰᠡᠭ ᠪᠠ ᠵᠡᠭᠦᠨ ᠪᠡᠶ᠎ᠡ ᠶᠢᠨ ᠣᠷᠣᠨ ᠳᠤ ᠡᠭᠦᠯᠡ ᠲᠠᠢ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ ᠪᠠ ᠡᠮᠦᠨ᠎ᠡ ᠬᠡᠰᠡᠭ᠂ ᠤᠯᠠᠭᠠᠨᠬᠠᠳᠠ ᠬᠤᠲᠠ ᠶᠢᠨ ᠶᠡᠬᠡᠩᠬᠢ ᠬᠡᠰᠡᠭ᠂ ᠲᠦᠩᠯᠢᠶᠣᠤ ᠬᠤᠲᠠ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ ᠲᠤ ᠪᠠᠭ᠎ᠠ ᠴᠠᠰᠤ ᠲᠠᠢ᠂ ᠡᠭᠦᠨ ᠳᠤ ᠰᠢᠯᠢ ᠶᠢᠨ ᠭᠤᠣᠯ ᠠᠶᠢᠮᠠᠭ ᠤᠨ ᠵᠡᠭᠦᠨ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ᠂ ᠬᠢᠩᠭᠠᠨ ᠠᠶᠢᠮᠠᠭ ᠤᠨ ᠵᠡᠭᠦᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠵᠡᠭᠦᠨ ᠡᠮᠦᠨᠡᠲᠦ ᠬᠡᠰᠡᠭ ᠲᠤ ᠳᠤᠮᠳᠠ ᠵᠡᠷᠭᠡ ᠶᠢᠨ ᠴᠠᠰᠤ ᠲᠠᠢ᠂ ᠪᠤᠰᠤᠳ ᠭᠠᠵᠠᠷ ᠣᠷᠣᠨ ᠳᠤ ᠡᠭᠦᠯᠡ ᠲᠠᠢ᠃ ᠪᠠᠷᠠᠭᠤᠨ ᠪᠡᠶ᠎ᠡ ᠶᠢᠨ ᠵᠡᠭᠦᠨ ᠬᠡᠰᠡᠭ᠂ ᠳᠤᠮᠳᠠ ᠪᠡᠶ᠎ᠡ ᠪᠠ ᠵᠡᠭᠦᠨ ᠪᠡᠶ᠎ᠡ ᠶᠢᠨ ᠪᠠᠷᠠᠭᠤᠨ ᠬᠡᠰᠡᠭ ᠲᠤ ᠪᠠᠷᠠᠭᠤᠨ ᠬᠤᠶᠢᠨ᠎ᠡ ᠠᠴᠠ 4᠂ 5 ᠲᠠᠰ᠂ ᠦᠶ᠎ᠡ ᠦᠶ᠎ᠡ 6᠂ 7 ᠲᠠᠰ ᠤᠨ ᠰᠠᠯᠬᠢ ᠰᠠᠯᠬᠢᠯᠡᠨ᠎ᠡ᠃ ᠵᠡᠭᠦᠨ ᠬᠤᠶᠢᠲᠤ ᠪᠡᠶ᠎ᠡ ᠶᠢᠨ ᠬᠤᠶᠢᠲᠤ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ 4 ᠠᠴᠠ 6 ᠭᠷᠠᠳᠦ᠋ᠰ ᠪᠠᠭᠤᠷᠠᠨ᠎ᠠ᠃      17 ᠤ ᠡᠳᠦᠷ ᠤᠨ 8 ᠴᠠᠭ ᠠᠴᠠ 18 ᠤ ᠡᠳᠦᠷ ᠤᠨ 8 ᠴᠠᠭ ᠪᠣᠯᠲᠠᠯ᠎ᠠ᠂ ᠳᠤᠮᠳᠠ ᠪᠡᠶ᠎ᠡ ᠶᠢᠨ ᠵᠡᠭᠦᠨ ᠬᠡᠰᠡᠭ ᠪᠠ ᠵᠡᠭᠦᠨ ᠡᠮᠦᠨᠡᠲᠦ ᠬᠡᠰᠡᠭ ᠤᠨ ᠭᠠᠵᠠᠷ ᠣᠷᠣᠨ ᠳᠤ ᠡᠭᠦᠯᠡ ᠲᠠᠢ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠪᠠ ᠵᠡᠭᠦᠨ ᠡᠮᠦᠨᠡᠲᠦ ᠬᠡᠰᠡᠭ᠂ ᠲᠦᠩᠯᠢᠶᠣᠤ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠵᠡᠭᠦᠨ ᠡᠮᠦᠨᠡᠲᠦ ᠬᠡᠰᠡᠭ ᠲᠤ ᠪᠠᠭ᠎ᠠ ᠴᠠᠰᠤ ᠲᠠᠢ᠂ ᠪᠤᠰᠤᠳ ᠭᠠᠵᠠᠷ ᠣᠷᠣᠨ ᠳᠤ ᠡᠭᠦᠯᠡ ᠲᠠᠢ᠃ ᠵᠡᠭᠦᠨ ᠡᠮᠦᠨᠡᠲᠦ ᠪᠡᠶ᠎ᠡ ᠶᠢᠨ ᠭᠠᠵᠠᠷ ᠣᠷᠣᠨ ᠳᠤ ᠪᠠᠷᠠᠭᠤᠨ ᠬᠤᠶᠢᠨ᠎ᠡ ᠠᠴᠠ 4᠂ 5 ᠳᠡᠰ ᠤᠨ ᠰᠠᠯᠬᠢ ᠲᠠᠢ᠃      ᠡᠨᠡ ᠬᠤᠶᠠᠷ ᠬᠤᠨᠤᠭ ᠲᠤ ᠪᠣᠷᠣᠭᠠᠨ ᠴᠠᠰᠤ ᠲᠠᠢ ᠠᠭᠤᠷ ᠠᠮᠢᠰᠬᠤᠯ ᠠᠴᠠ ᠪᠣᠯᠵᠣ᠂ ᠵᠠᠮ ᠳᠡᠭᠡᠷ᠎ᠡ ᠮᠥᠰᠥ ᠬᠥᠯᠳᠡᠵᠦ᠂ ᠵᠠᠮ ᠭᠥᠯᠢᠭᠡᠷ ᠮᠥᠷᠲᠡᠭᠡᠨ ᠬᠠᠷᠠᠭᠳᠠᠴᠠ ᠶᠢᠨ ᠬᠡᠮᠵᠢᠶ᠎ᠡ ᠠᠨᠠᠶ ᠪᠣᠯᠵᠣ ᠮᠡᠳᠡᠨ᠎ᠡ᠂ ᠣᠯᠠᠨ ᠢᠶᠠᠷ ᠢᠶᠠᠨ ᠨᠠᠭᠠᠰᠢ ᠴᠠᠭᠠᠰᠢ ᠶᠠᠪᠤᠵᠤ ᠰᠠᠭᠤᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠶ᠃ ᠪᠠᠰᠠ ᠶᠡᠭᠡ ᠰᠠᠯᠬᠢ ᠰᠠᠯᠬᠢᠯᠠᠵᠤ ᠳᠤᠯᠠᠭᠠᠨ ᠤ ᠬᠡᠮᠵᠢᠶ᠎ᠡ ᠪᠠᠭᠤᠷᠠᠬᠤ ᠪᠣᠯᠬᠤᠷ᠂ ᠬᠢᠮᠤᠷᠠᠭ᠎ᠠ ᠲᠠᠭᠰᠢᠭᠤᠷ ᠪᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠶᠢ ᠰᠡᠷᠭᠡᠶᠢᠯᠡᠬᠦ ᠶᠢᠨ ᠬᠠᠮᠲᠤ᠂ ᠭᠠᠯ᠂ ᠴᠠᠬᠢᠯᠭᠠᠨ ᠪᠠ ᠪᠠᠶᠢᠭᠠᠯᠢ ᠶᠢᠨ ᠰᠢᠲᠠᠭᠴᠢ ᠬᠡᠶ ᠬᠡᠷᠡᠭᠯᠡᠬᠦ ᠳᠡᠭᠡᠨ ᠠᠮᠤᠷ ᠲᠦᠪᠰᠢᠨ ᠢ ᠠᠩᠬᠠᠷᠴᠤ᠂ ᠭᠠᠯ ᠤᠨ ᠠᠶᠤᠯ ᠪᠠ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠶ ᠭᠡᠵᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠰᠠᠨᠠᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号