- ᠬᠤᠪᠢᠰᠬᠠᠯ ᠤᠨ ᠰᠣᠶᠣᠯ ᠤᠨ ᠰᠢᠷᠢᠰ ᠮᠡᠳᠡᠭᠡᠯᠡᠯ ︵ᠲᠠᠪᠤ︶ | 1938 ᠣᠨ ᠤ 8 ᠰᠠᠷ᠎ᠠ ᠳᠤ᠂ ᠨᠠᠢᠮᠠᠳᠤᠭᠠᠷ ᠵᠠᠮ ᠤᠨ ᠴᠡᠷᠢᠭ ᠤᠨ ᠲᠠᠯᠠᠨ ᠬᠠᠷ᠎ᠠ ᠠᠭᠤᠯᠠ ᠶᠢᠨ ᠰᠠᠯᠪᠤᠷᠢ | ᠠᠩᠭᠢ ᠪᠠᠶᠢᠯᠳᠤᠭᠠᠨ ᠤ ᠶᠡᠷᠦᠩᠬᠡᠢ ᠡᠪᠯᠡᠯ ᠤᠨ ᠱᠠᠨ ᠰᠢ ᠴᠠᠬᠠᠷ ᠰᠦᠢᠶᠤᠸᠠᠨ ᠤ ᠬᠢᠵᠠᠭᠠᠷ ᠣᠷᠣᠨ ᠤ ᠠᠵᠢᠯ ᠤᠨ | ᠵᠥᠪᠯᠡᠯ ᠪᠣᠯᠣᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠳᠥᠷᠪᠡᠳᠦᠭᠡᠷ ᠰᠠᠯᠪᠤᠷᠢ ᠠᠩᠭᠢ ᠳᠤ ᠬᠠᠮᠵᠢᠯᠴᠠᠵᠤ᠂ | ᠨᠡᠶᠢᠳᠡ 2300 ᠭᠠᠷᠤᠢ ᠬᠥᠮᠥᠨ ᠲᠠᠯᠠᠨ ᠬᠠᠷ᠎ᠠ ᠠᠭᠤᠯᠠᠨ ᠳᠤ ᠣᠷᠣᠵᠤ᠂ ᠲᠠᠯᠠᠨ ᠬᠠᠷ᠎ᠠ ᠠᠭᠤᠯᠠ ᠶᠢᠨ ᠶᠠᠫᠤᠨ ᠢ | ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠡᠭᠦᠰᠬᠡᠨ ᠪᠠᠶᠢᠭᠤᠯᠵᠤ᠂ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠢ | ᠲᠤᠶᠢᠯ ᠤᠨ ᠬᠠᠲᠠᠭᠤᠵᠢᠯᠲᠠᠢ ᠥᠷᠨᠢᠭᠦᠯᠵᠦ᠂ ᠮᠠᠭᠲᠠᠨ ᠳᠠᠭᠤᠯᠠᠭᠤᠰᠢᠲᠠᠢ ᠬᠤᠪᠢᠰᠬᠠᠯ ᠤᠨ ᠦᠯᠢᠭᠡᠷ ᠤᠳ ᠢ | ᠦᠯᠡᠳᠡᠭᠡᠵᠡᠢ᠃ | ᠳᠠᠯᠠᠨ ᠬᠠᠷ᠎ᠠ ᠠᠭᠤᠯᠠᠨ ᠳᠡᠭᠡᠷᠡᠬᠢ ᠶᠠᠫᠤᠨ ᠢ ᠡᠰᠡᠷᠭᠦᠴᠡᠬᠦ ᠪᠠᠬᠢᠯᠡᠯᠲᠡ | ᠥᠨᠥᠳᠥᠷ ᠪᠤᠯᠲᠠᠯ᠎ᠠ᠂ ᠲᠦᠮᠡᠳ ᠵᠡᠭᠦᠨ ᠬᠤᠰᠢᠭᠤᠨ ᠤ ᠸᠠᠨ ᠵᠢᠶᠠ ᠭᠧᠦ ᠶᠢᠨ ᠥᠷᠥᠴᠡᠨ ᠳᠤ ᠮᠥᠨ ᠯᠡ | ᠬᠥᠮᠥᠨ ᠬᠠᠷ᠎ᠠ ᠴᠥᠭᠡᠨ ᠪᠠᠶᠢᠭᠰᠠᠭᠠᠷ᠃ ᠡᠨᠡ ᠬᠦ ᠳᠠᠯᠠᠨ ᠬᠠᠷ᠎ᠠ ᠠᠭᠤᠯᠠ ᠶᠢ ᠳᠠᠭᠠᠬᠰᠠᠨ 35 ᠺᠢᠯᠣᠮᠧᠲᠷ ᠤᠨ ᠭᠦᠨ | ᠭᠤᠤ ᠳᠤ ᠴᠠᠷᠳᠠᠮᠠᠯ ᠵᠠᠮ ᠪᠠᠶᠢᠬᠤ ᠦᠭᠡᠢ᠂ ᠭᠠᠷ ᠤᠲᠠᠰᠤ ᠴᠤ ᠳᠣᠬᠢᠶ᠎ᠠ ᠦᠭᠡᠢ᠃ ᠲᠦᠷᠦᠭᠦᠦ ᠬᠡᠳᠦᠨ ᠵᠢᠯ ᠳᠤ | ᠲᠤᠬᠠᠢ ᠶᠢᠨ ᠭᠠᠵᠠᠷ ᠤᠨ ᠬᠢᠨ ᠠᠮᠢ ᠠᠬᠤᠢ ᠶᠢᠨ ᠨᠡᠭᠦᠳᠡᠯ ᠠᠷᠠᠳ ᠤᠨ ᠢᠨᠵᠧᠨᠧᠷᠢᠩ ᠢ ᠬᠡᠷᠡᠭᠵᠢᠭᠦᠯᠵᠦ᠂ ᠭᠤᠤ | ᠵᠢᠯᠠᠭ᠎ᠠ ᠶᠢᠨ 20 ᠭᠠᠷᠤᠢ ᠲᠠᠷᠠᠬᠠᠢ ᠪᠤᠲᠠᠷᠬᠠᠢ ᠲᠣᠰᠬᠤᠨ ᠢ ᠪᠦᠬᠦᠯᠢ ᠴᠣᠭᠴᠠ ᠪᠠᠷ ᠨᠢ ᠨᠡᠭᠦᠯᠭᠡᠨ | ᠭᠠᠷᠭᠠᠭᠰᠠᠨ ᠠᠴᠠ ᠠᠳᠡᠬᠢ ᠨᠢ ᠪᠠᠶᠢᠭᠠᠯᠢ ᠶᠢᠨ ᠦᠵᠡᠮᠵᠢ ᠪᠣᠯᠵᠤ᠂ 80 ᠭᠠᠷᠤᠢ ᠵᠢᠯ ᠤᠨ ᠡᠮᠦᠨᠡᠬᠢ ᠶᠠᠫᠤᠨ ᠢ | ᠡᠰᠡᠷᠭᠦᠴᠡᠬᠦ ᠲᠠᠶᠢᠨ ᠤ ᠲᠠᠷᠢ ᠶᠢᠨ ᠤᠳᠤᠭ᠎ᠠ ᠨᠢ ᠬᠥᠬᠡᠮᠳᠦᠭ ᠨᠣᠭᠤᠭᠠᠨ ᠠᠭᠤᠯᠠ ᠤᠰᠤᠨ ᠤ ᠳᠤᠮᠳᠠ ᠠᠷᠢᠯᠤᠨ | ᠣᠳᠪᠠ᠃ | ᠲᠦᠮᠡᠳ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠪ ᠤᠨ ᠳᠡᠳ᠋ | ᠡᠷᠭᠢᠯᠡᠭᠴᠢ ᠭᠤᠤ ᠶᠢᠩ ᠸᠠᠨ ᠵᠢᠶᠠ ᠭᠧᠦ ᠶᠢᠨ ᠭᠠᠵᠠᠷ ᠤᠨ ᠪᠠᠶᠢᠴᠠ ᠶᠢ ᠮᠠᠰᠢ ᠰᠠᠶᠢᠨ ᠮᠡᠳᠡᠨ᠎ᠡ᠃ 2021 ᠣᠨ ᠤ | 10 ᠰᠠᠷ᠎ᠠ ᠠᠴᠠ ᠡᠬᠢᠯᠡᠨ ᠭᠤᠤ ᠶᠢᠩ ᠬᠠᠮᠲᠤ ᠠᠵᠢᠯᠯᠠᠭᠰᠠᠳ ᠲᠠᠢ ᠪᠠᠨ ᠬᠠᠭᠠᠰ ᠵᠢᠯ ᠤᠨ ᠴᠠᠭ ᠵᠠᠷᠤᠴᠠᠭᠤᠯᠤᠨ | ᠬᠠᠷ᠎ᠠ ᠬᠦᠴᠦ ᠪᠠᠷ ᠢᠶᠠᠨ ᠸᠠᠨ ᠵᠢᠶᠠ ᠭᠧᠦ ᠶᠢᠨ ᠬᠤᠪᠢᠰᠬᠠᠯ ᠤᠨ ᠪᠠᠭᠤᠷᠢ ᠶᠢᠨ ᠬᠠᠮᠠᠭᠠᠯᠠᠯᠲᠠ ᠶᠢᠨ ᠬᠥᠰᠢᠶ᠎ᠡ ᠶᠢ | ᠲᠠᠯᠪᠢᠬᠤ ᠠᠵᠢᠯ ᠢ ᠪᠡᠶᠡᠯᠡᠭᠦᠯᠪᠡ᠃ ᠪᠠᠷᠠᠭᠤᠨ ᠲᠣᠯᠣᠭᠠᠢ ᠶᠢᠨ ᠬᠤᠷᠠᠯ ᠤᠨ ᠬᠠᠭᠤᠴᠢᠨ ᠪᠠᠭᠤᠷᠢ᠂ ᠦᠷᠡᠭᠳᠡᠭᠰᠡᠨ | ᠪᠠᠭᠠᠲᠤᠷ ᠫᠧᠩ ᠳ᠋ᠧ ᠳ᠋ᠠ ᠶᠢᠨ ᠪᠡᠶ᠎ᠡ ᠦᠷᠡᠭᠳᠡᠭᠰᠡᠨ ᠭᠠᠵᠠᠷ ᠵᠡᠷᠭᠡ 20 ᠭᠠᠷᠤᠢ ᠬᠤᠪᠢᠰᠬᠠᠯ ᠤᠨ ᠪᠠᠭᠤᠷᠢ ᠳᠤ ᠪᠦᠷ | ᠳᠤᠷᠠᠰᠬᠠᠯ ᠤᠨ ᠬᠥᠰᠢᠶ᠎ᠡ ᠪᠣᠰᠬᠠᠵᠠᠢ᠃ | ᠭᠤᠤ ᠶᠢᠩ ᠰᠤᠷᠪᠤᠯᠵᠢᠯᠠᠬᠴᠢ ᠳᠤ᠂ ᠸᠠᠨ ᠵᠢᠶᠠ ᠭᠧᠦ ᠪᠣᠯ ᠲᠠᠯᠠᠨ ᠬᠠᠷ᠎ᠠ ᠠᠭᠤᠯᠠ ᠶᠢᠨ ᠶᠠᠫᠤᠨ ᠢ | ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠨᠠᠮ ᠵᠠᠰᠠᠭ ᠴᠡᠷᠢᠭ ᠤᠨ ᠤᠳᠤᠷᠢᠳᠬᠤ ᠪᠠᠶᠢᠭᠤᠯᠭ᠎ᠠ ᠶᠢᠨ ᠰᠠᠭᠤᠭ᠎ᠠ | ᠭᠠᠵᠠᠷ ᠤᠨ ᠨᠢᠭᠡ ᠪᠣᠯᠣᠨ᠎ᠠ᠃ 1938 ᠣᠨ ᠤ ᠡᠪᠦᠯ ᠠᠴᠠ 1941 ᠣᠨ ᠤ ᠬᠤᠭᠤᠷᠣᠨᠳᠤ᠂ ᠨᠠᠢᠮᠠᠳᠤᠭᠠᠷ ᠵᠠᠮ ᠤᠨ | ᠴᠡᠷᠢᠭ ᠤᠨ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠢᠨ ᠵᠠᠬᠢᠷᠭᠠᠨ ᠤ ᠭᠠᠵᠠᠷ ᠪᠤᠯᠭᠠᠵᠤ ᠥᠩᠭᠡᠷᠡᠪᠡ᠃ | 1941 ᠣᠨ ᠤ ᠳᠣᠣᠷ᠎ᠠ ᠬᠠᠭᠠᠰ ᠵᠢᠯ ᠳᠤ᠂ ᠵᠠᠬᠢᠷᠭᠠᠨ ᠤ ᠭᠠᠵᠠᠷ ᠨᠢ ᠦᠴᠦᠸᠠᠨ ᠤ ᠬᠢᠯᠢ ᠳᠣᠲᠣᠷᠠᠬᠢ ᠳ᠋ᠧ ᠱᠧᠩ | ᠭᠧᠦ᠂ ᠵᠢᠩ ᠡᠯ ᠭᠧᠦ ᠳᠤ ᠨᠡᠭᠦᠵᠦ ᠣᠴᠢᠭᠰᠠᠨ ᠤ ᠲᠠᠷᠠᠭ᠎ᠠ᠂ ᠨᠠᠢᠮᠠᠳᠤᠭᠠᠷ ᠵᠠᠮ ᠤᠨ ᠴᠡᠷᠢᠭ ᠤᠨ ᠨᠢᠭᠡ ᠪᠦᠯᠦᠭ | ᠪᠠᠶᠢᠯᠳᠤᠭᠴᠢᠳ ᠶᠠᠫᠤᠨ ᠢ ᠡᠰᠡᠷᠭᠦᠴᠡᠬᠦ ᠲᠠᠶᠢᠨ ᠢᠯᠠᠯᠲᠠ ᠣᠯᠬᠤ ᠪᠤᠯᠲᠠᠯ᠎ᠠ ᠸᠠᠨ ᠵᠢᠶᠠ ᠭᠧᠦ ᠳᠤ ᠦᠷᠭᠦᠯᠵᠢᠯᠡᠨ | ᠪᠠᠶᠢᠯᠳᠤᠵᠤ ᠪᠠᠶᠢᠵᠠᠢ ᠭᠡᠪᠡ᠃ | ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠪᠣᠯ ᠪᠦᠭᠦ ᠤᠯᠤᠰ ᠤᠨ | ᠶᠠᠫᠤᠨ ᠢ ᠡᠰᠡᠷᠭᠦᠴᠡᠬᠦ 19 ᠰᠠᠭᠤᠷᠢᠨ ᠭᠠᠵᠠᠷ ᠤᠨ ᠨᠢᠭᠡ ᠪᠣᠯᠣᠨ᠎ᠠ᠂ ᠲᠡᠭᠦᠨ ᠤ ᠬᠦᠷᠢᠶ᠎ᠡ ᠬᠡᠪᠴᠢᠶ᠎ᠡ ᠨᠢ ᠭᠤᠣᠯᠳᠠᠭᠤ | ᠤᠤᠯ ᠤᠨ ᠰᠦᠢᠶᠤᠸᠠᠨ ᠮᠤᠵᠢ︵ᠣᠳᠣ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ | ᠪᠠᠷᠠᠭᠤᠨ ᠬᠡᠰᠡᠭ︶ ᠶᠢᠨ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠪᠠᠶᠢᠵᠤ᠂ ᠤᠮᠠᠷᠠᠰᠢ ᠳᠠᠯᠠᠨ ᠬᠠᠷ᠎ᠠ ᠠᠭᠤᠯᠠ | ᠶᠢ ᠲᠦᠰᠢᠵᠦ᠂ ᠡᠮᠦᠨᠡᠰᠢ ᠮᠠᠨ ᠬᠠᠨ ᠱᠠᠨ ᠠᠭᠤᠯᠠ ᠲᠠᠢ ᠵᠠᠯᠭᠠᠯᠳᠤᠵᠤ᠂ ᠬᠤᠶᠠᠷ ᠠᠭᠤᠯᠠ ᠶᠢᠨ ᠬᠤᠭᠤᠷᠣᠨᠳᠤ ᠥᠩ | ᠰᠢᠮᠡᠯᠢᠭ ᠲᠦᠮᠡᠳ ᠤᠨ ᠲᠠᠯ᠎ᠠ ᠭᠠᠵᠠᠷ ᠪᠣᠯᠣᠨ᠎ᠠ᠃ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ ᠲᠠᠯᠠᠨ ᠬᠠᠷ᠎ᠠ | ᠠᠭᠤᠯᠠ ᠶᠢᠨ ᠭᠠᠵᠠᠷ ᠣᠷᠣᠨ ᠪᠣᠯ ᠱᠠᠨᠰᠢ ᠭᠠᠨᠰᠤ ᠨᠢᠩᠰᠢᠶᠠ ᠶᠢᠨ ᠬᠢᠵᠠᠭᠠᠷ ᠣᠷᠣᠨ ᠤ ᠤᠮᠠᠷᠠᠲᠤ ᠡᠭᠦᠳᠡ ᠪᠤᠯᠬᠤ | ᠪᠥᠭᠡᠳ ᠱᠠᠨ ᠰᠢ ᠶᠢᠨ ᠪᠠᠷᠠᠭᠤᠨ ᠬᠤᠶᠢᠲᠤ ᠬᠡᠰᠡᠭ ᠤᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠤᠨ ᠭᠠᠳᠠᠷ | ᠲᠠᠯ᠎ᠠ ᠶᠢᠨ ᠵᠢᠭᠰᠠᠭᠠᠯ ᠪᠣᠯᠣᠨ᠎ᠠ᠂ ᠠᠳᠡ ᠫᠠᠷᠲ᠋ᠢᠽᠠᠨ ᠲᠠᠶᠢᠨ ᠥᠷᠨᠢᠭᠦᠯᠵᠦ ᠶᠠᠫᠤᠨ ᠬᠠᠭᠤᠷᠮᠠᠭ ᠴᠡᠷᠢᠭ ᠢ ᠬᠤᠷᠢᠭᠯᠠᠬᠤ | ᠨᠢ ᠱᠠᠨ ᠰᠢ ᠶᠢᠨ ᠪᠠᠷᠠᠭᠤᠨ ᠬᠤᠶᠢᠲᠤ ᠬᠡᠰᠡᠭ ᠤᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠤᠨ ᠠᠮᠤᠷ | ᠲᠦᠪᠰᠢᠨ ᠳᠤ ᠬᠤᠯᠪᠣᠭᠳᠠᠬᠤ ᠪᠥᠭᠡᠳ ᠱᠠᠨ ᠰᠢ ᠰᠦᠢᠶᠤᠸᠠᠨ ᠤ ᠶᠠᠫᠤᠨ ᠢ ᠡᠰᠡᠷᠭᠦᠴᠡᠬᠦ ᠲᠠᠶᠢᠨ ᠤ | ᠬᠥᠭᠵᠢᠯᠲᠡ ᠲᠠᠢ ᠴᠦ ᠬᠤᠯᠪᠣᠭᠳᠠᠨ᠎ᠠ᠃ | 1938 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠣᠨ ᠮᠠᠤ ᠽᠧ | ᠳ᠋ᠦᠩ ᠤᠨ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ᠨᠠᠢᠮᠠᠳᠤᠭᠠᠷ ᠵᠠᠮ ᠤᠨ | ᠴᠡᠷᠢᠭ ᠤᠨ 120 ᠳ᠋ᠤᠭᠠᠷ ᠳ᠋ᠢᠸᠢᠽᠢ ᠠᠴᠠ 358 ᠳ᠋ᠤᠭᠠᠷ ᠪᠠᠷᠢᠭᠠᠳᠠ ᠶᠢᠨ 715 ᠳ᠋ᠤᠭᠠᠷ ᠬᠤᠷᠢᠶ᠎ᠠ ᠪᠣᠯᠣᠨ | ᠳ᠋ᠢᠸᠢᠽᠢ ᠶᠢᠨ ᠰᠢᠭᠤᠳ ᠬᠠᠷᠢᠶ᠎ᠠ ᠮᠣᠷᠢᠲᠤ ᠴᠡᠷᠢᠭ ᠤᠨ ᠪᠠᠲᠯᠢᠶᠤᠨ ᠤ ᠨᠢᠭᠡ ᠰᠤᠮᠤ ᠶᠢ ᠲᠣᠮᠢᠯᠠᠵᠤ᠂ ᠲᠠᠯᠠᠨ ᠬᠠᠷ᠎ᠠ | ᠠᠭᠤᠯᠠ ᠶᠢᠨ ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ ᠯᠢ ᠵᠢᠩ ᠴᠢᠤᠸᠠᠨ ᠰᠠᠯᠪᠤᠷᠢ ᠠᠩᠭᠢ ᠶᠢᠨ ᠳᠠᠷᠤᠭ᠎ᠠ | ᠪᠥᠭᠡᠳ ᠺᠣᠮᠢᠰᠰᠠᠷ ᠤᠨ ᠲᠤᠰᠢᠶᠠᠯ ᠢ ᠬᠠᠷᠢᠭᠤᠴᠠᠵᠤ᠂ ᠶᠣᠣ ᠵᠧ ᠱᠲ᠋ᠠᠪ ᠤᠨ ᠳᠠᠷᠤᠭ᠎ᠠ ᠶᠢᠨ ᠲᠤᠰᠢᠶᠠᠯ ᠢ | ᠬᠠᠷᠢᠭᠤᠴᠠᠵᠤ᠂ ᠫᠧᠩ ᠳ᠋ᠧ ᠳ᠋ᠠ ᠤᠯᠤᠰ ᠲᠦᠷᠦ ᠶᠢᠨ ᠬᠡᠯᠲᠡᠰ ᠤᠨ ᠡᠷᠭᠢᠯᠡᠭᠴᠢ ᠶᠢᠨ ᠲᠤᠰᠢᠶᠠᠯ ᠢ ᠬᠠᠷᠢᠭᠤᠴᠠᠵᠤ᠂ | ᠪᠠᠶᠢᠯᠳᠤᠭᠠᠨ ᠤ ᠶᠡᠷᠦᠩᠬᠡᠢ ᠡᠪᠯᠡᠯ ᠤᠨ ᠱᠠᠨ ᠰᠢ ᠴᠠᠬᠠᠷ ᠰᠦᠢᠶᠤᠸᠠᠨ ᠤ ᠬᠢᠵᠠᠭᠠᠷ ᠣᠷᠣᠨ ᠤ ᠠᠵᠢᠯ ᠤᠨ ᠵᠥᠪᠯᠡᠯ | ︵ᠳᠥᠭᠦᠮᠴᠢᠯᠡᠭᠡᠳ ᠶᠡᠷᠦᠩᠬᠡᠢ ᠬᠥᠳᠡᠯᠭᠡᠭᠡᠨ ᠤ ᠵᠥᠪᠯᠡᠯ ᠭᠡᠳᠡᠭ︶ ᠪᠣᠯᠣᠨ ᠲᠠᠶᠢᠶᠤᠸᠠᠨ ᠤ ᠴᠧᠩ ᠴᠧᠩ ᠳᠤᠮᠳᠠᠳᠤ | ᠰᠤᠷᠭᠠᠭᠤᠯᠢ ᠶᠢᠨ ᠪᠠᠭᠰᠢ ᠰᠤᠷᠤᠬᠴᠢᠳ ᠢᠶᠠᠷ ᠪᠦᠷᠢᠯᠳᠦᠭᠰᠡᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ | ᠳᠥᠷᠪᠡᠳᠦᠭᠡᠷ ᠰᠠᠯᠪᠤᠷᠢ ᠠᠩᠭᠢ ᠲᠠᠢ ᠬᠠᠮᠲᠤ ᠰᠦᠢᠶᠤᠸᠠᠨ ᠤ ᠳᠠᠶᠢᠰᠤᠨ ᠤ ᠠᠷᠤ ᠲᠠᠯ᠎ᠠ ᠳᠤ ᠣᠷᠣᠵᠤ᠂ ᠳᠠᠯᠠᠨ | ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠪᠠᠶᠢᠭᠤᠯᠪᠠ᠃ | ᠶᠠᠫᠤᠨ ᠢ ᠡᠰᠡᠷᠭᠦᠴᠡᠬᠦ ᠳᠠᠶᠢᠨ ᠤ ᠲᠡᠦᠬᠡᠨ ᠳᠡᠭᠡᠷᠡᠬᠢ ᠭᠡᠷᠡᠯ ᠰᠠᠴᠤᠷᠠᠩᠭᠤᠢ ᠨᠢᠭᠡᠨ ᠬᠠᠭᠤᠳᠠᠰᠤ | ᠳᠠᠯᠠᠨ ᠬᠠᠷ᠎ᠠ ᠠᠭᠤᠯᠠᠨ ᠤ ᠰᠠᠯᠪᠤᠷᠢ ᠠᠩᠭᠢ ᠶᠢᠨ ᠤᠯᠤᠰ ᠲᠥᠷᠥ ᠶᠢᠨ ᠬᠡᠯᠲᠡᠰ ᠤᠨ ᠭᠡᠰᠢᠭᠦᠨ ᠸᠠᠩ | ᠸᠧᠢ ᠶᠢᠨ ᠬᠥᠪᠡᠭᠦᠨ ᠸᠠᠩ ᡁᠢ ᠮᠢᠨ᠂ ᠦᠲᠡᠯᠦᠭᠡ ᠨᠠᠰᠤᠨ ᠳᠠᠭᠠᠨ ᠭᠡᠳᠦ ᠤᠳᠠᠭ᠎ᠠ ᠶᠠᠪᠠᠭᠠᠨ ᠢᠶᠠᠷ ᠸᠠᠨ ᠵᠢᠶᠠ ᠭᠧᠦ | ᠶᠢᠨ ᠬᠤᠪᠢᠰᠬᠠᠯ ᠤᠨ ᠪᠠᠭᠤᠷᠢ ᠳᠤ ᠬᠦᠷᠴᠦ᠂ ᠠᠪᠤ ᠶᠢᠨ ᠢᠶᠠᠨ ᠶᠠᠪᠤᠵᠤ ᠥᠩᠭᠡᠷᠡᠭᠰᠡᠨ ᠬᠤᠪᠢᠰᠬᠠᠯ ᠤᠨ ᠤᠯᠠ | ᠮᠥᠷ ᠢ ᠰᠤᠷᠪᠤᠯᠵᠢᠯᠠᠪᠠ᠃ ᠸᠠᠩ ᠸᠧᠢ ᠪᠣᠯ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ | ᠰᠠᠭᠤᠷᠢᠨ ᠭᠠᠵᠠᠷ ᠤᠨ ᠲᠦᠷᠦᠭᠦᠦ ᠪᠦᠯᠦᠭ ᠤᠨ ᠪᠦᠲᠦᠭᠡᠨ ᠪᠠᠶᠢᠭᠤᠯᠤᠭᠴᠢ ᠶᠢᠨ ᠨᠢᠭᠡ ᠪᠣᠯᠣᠨ᠎ᠠ᠂ 1938 | ᠣᠨ ᠳᠤ᠂ ᠲᠡᠷᠡ ᠲᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠢ ᠲᠠᠭᠠᠵᠤ ᠲᠠᠯᠠᠨ ᠬᠠᠷ᠎ᠠ ᠠᠭᠤᠯᠠᠨ ᠳᠤ ᠣᠷᠣᠵᠤ᠂ | ᠨᠠᠨ ᠫᠢᠩ ᠴᠤᠸᠠᠨ ᠤ ᠠᠵᠢᠯᠯᠠᠬᠤ ᠠᠩᠭᠢ ᠶᠢᠨ ᠨᠠᠷᠢᠨ ᠪᠢᠴᠢᠭᠡᠴᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃ | ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠰᠦᠢᠶᠤᠸᠠᠨ ᠤ ᠪᠠᠷᠠᠭᠤᠨ | ᠬᠡᠰᠡᠭ ᠲᠤ ᠦ᠋ ᠭᠦᠢ ᠰᠢᠶᠠᠨ ᠤ ᠵᠠᠰᠠᠭ ᠤᠨ ᠣᠷᠳᠣᠨ ᠢ ᠪᠠᠶᠢᠭᠤᠯᠤᠭᠰᠠᠨ ᠤ ᠳᠠᠷᠠᠭ᠎ᠠ᠂ ᠸᠠᠩ ᠸᠧᠢ ᠰᠢᠶᠠᠨ ᠤ | ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠥᠩᠭᠡᠷᠡᠭᠰᠡᠨ ᠪᠥᠭᠡᠳ 1940 ᠣᠨ ᠤ 3 ᠰᠠᠷ᠎ᠠ ᠳᠤ ᠪᠠᠷᠠᠭᠤᠨ | ᠲᠣᠯᠣᠭᠠᠢ ᠶᠢᠨ ᠬᠤᠷᠠᠯ ᠳᠤ ᠣᠷᠣᠯᠴᠠᠪᠠ᠃ | ᠸᠠᠩ ᡁᠢ ᠮᠢᠨ ᠰᠤᠷᠪᠤᠯᠵᠢᠯᠠᠬᠴᠢ ᠳᠤ ᠬᠡᠯᠡᠬᠦ ᠳᠡᠭᠡᠨ᠂ ᠲᠡᠷᠡ ᠪᠣᠯ ᠭᠡᠷ ᠤᠨ ᠢᠶᠠᠨ ᠬᠠᠮᠤᠭ ᠪᠠᠭ᠎ᠠ ᠬᠡᠦᠬᠡᠳ ᠨᠢ | ᠪᠣᠯᠬᠤᠷ ᠡᠩᠬᠡ ᠲᠠᠶᠢᠪᠤᠩ ᠴᠠᠭ ᠦᠶ᠎ᠡ ᠳᠤ ᠳᠦᠷᠦᠵᠠᠢ᠂ ᠲᠡᠷᠡ ᠤᠬᠠᠭᠠᠨ ᠣᠷᠣᠬᠤ ᠦᠶ᠎ᠡ ᠳᠤ ᠠᠪᠤ ᠨᠢ ᠨᠢᠭᠡᠨᠲᠡ | ᠰᠢᠨ᠎ᠡ ᠳᠤᠮᠳᠠᠳᠤ ᠤᠯᠤᠰ ᠤᠨ ᠨᠠᠮ ᠤᠨ ᠭᠡᠰᠢᠭᠦᠨ ᠺᠠᠳ᠋ᠷ ᠪᠣᠯᠵᠤ᠂ ᠲᠡᠶᠢᠨ ᠤ ᠦᠶ᠎ᠡ ᠶᠢᠨ ᠥᠩᠭᠡᠷᠡᠯᠲᠡ ᠶᠢ ᠠᠪᠤ ᠨᠢ | ᠳᠡᠮᠡᠢ ᠳᠤᠷᠠᠳᠬᠤ ᠦᠭᠡᠢ ᠪᠣᠯᠵᠠᠢ᠃ ᠨᠠᠰᠤᠨ ᠤ ᠨᠡᠮᠡᠭᠳᠡᠬᠦ ᠶᠢ ᠳᠠᠭᠠᠯᠳᠤᠨ᠂ ᠸᠠᠩ ᡁᠢ ᠮᠢᠨ ᠠᠪᠤ ᠶᠢᠨ ᠢᠶᠠᠨ | ᠬᠤᠪᠢᠰᠬᠠᠯ ᠤᠨ ᠥᠩᠭᠡᠷᠡᠯᠲᠡ ᠳᠤ ᠤᠯᠠᠮ ᠠᠴᠠ ᠤᠯᠠᠮ ᠰᠣᠨᠢᠷᠬᠠᠯ ᠲᠠᠢ ᠪᠣᠯᠪᠠ᠃ ᠠᠵᠢᠯ ᠠᠴᠠ ᠪᠠᠨ ᠠᠮᠠᠷᠠᠭᠰᠠᠨ ᠤ | ᠳᠠᠷᠠᠭ᠎ᠠ᠂ ᠲᠡᠷᠡ ᠶᠡᠭᠡ ᠬᠡᠮᠵᠢᠶᠡᠨ ᠤ ᠴᠠᠭ ᠵᠠᠷᠤᠴᠠᠭᠤᠯᠵᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ | ᠫᠠᠷᠲ᠋ᠢᠽᠠᠨ ᠤ ᠰᠠᠭᠤᠷᠢᠨ ᠭᠠᠵᠠᠷ ᠤᠨ ᠲᠡᠦᠬᠡ ᠶᠢ ᠪᠠᠶᠢᠴᠠᠭᠠᠨ ᠦᠵᠡᠭᠰᠡᠨ ᠪᠥᠭᠡᠳ ︽ᠵᠠᠭᠤᠨ ᠵᠢᠯ︾ ᠭᠡᠬᠦ | ᠨᠡᠷ᠎ᠡ ᠲᠠᠢ ᠭᠡᠷ ᠤᠨ ᠲᠡᠦᠬᠡ ᠶᠢ ᠪᠢᠴᠢᠵᠡᠢ᠂ ᠲᠡᠷᠡ ᠰᠤᠷᠪᠤᠯᠵᠢᠯᠠᠬᠴᠢ ᠳᠤ᠂ ᠥᠪᠡᠷ ᠢᠶᠠᠨ ᠡᠴᠢᠭᠡ ᠶᠢᠨ ᠦᠶ᠎ᠡ ᠠᠴᠠ | ᠤᠳᠤ ᠪᠤᠯᠲᠠᠯᠠᠭᠢ ᠥᠪᠡᠷ ᠤᠨ ᠭᠡᠷ ᠤᠨ ᠲᠡᠦᠬᠡ ᠶᠢ ᠪᠢᠴᠢᠬᠦ ᠪᠠᠷ ᠲᠣᠭᠲᠠᠭᠰᠠᠨ ᠨᠢ ᠭᠡᠷ ᠪᠦᠯᠢ ᠶᠢᠨ ᠵᠢᠵᠢᠭ ᠰᠠᠵᠢᠭ | ᠶᠠᠪᠤᠳᠠᠯ ᠠᠴᠠ ᠵᠠᠭᠤᠨ ᠵᠢᠯ ᠤᠨ ᠬᠤᠭᠤᠷᠣᠨᠳᠣᠭᠢ ᠨᠡᠶᠢᠭᠡᠮ ᠤᠨ ᠬᠤᠪᠢᠷᠠᠯᠲᠠ ᠶᠢ ᠲᠤᠰᠬᠠᠵᠤ᠂ ᠬᠤᠵᠢᠮ ᠤᠨ | ᠬᠥᠮᠥᠰ ᠲᠤ ᠤᠷᠢᠳᠤᠬᠢ ᠬᠥᠮᠥᠰ ᠤᠨ ᠳᠤᠷᠠᠰᠤᠮᠵᠢ ᠶᠢ ᠦᠯᠡᠳᠡᠭᠡᠬᠦ ᠶᠢᠨ ᠲᠥᠯᠥᠭᠡ ᠶᠤᠮ ᠭᠡᠵᠦ ᠬᠡᠯᠡᠪᠡ᠃ | ᠸᠠᠩ ᡁᠢ ᠮᠢᠨ ᠤ ᠶᠠᠷᠢᠬᠤ ᠶᠢ ᠳᠠᠭᠠᠯᠳᠤᠨ᠂ ᠴᠠᠭ ᠬᠤᠭᠤᠴᠠᠭ᠎ᠠ 80 ᠭᠠᠷᠤᠢ ᠵᠢᠯ ᠤᠨ ᠡᠮᠦᠨᠡᠬᠢ ᠳᠠᠶᠢᠨ ᠤ | ᠴᠠᠭ ᠦᠶ᠎ᠡ ᠳᠤ ᠪᠤᠴᠠᠪᠠ᠃ 1938 ᠣᠨ ᠳᠤ᠂ ᠰᠠᠶ᠋ᠢᠬᠠᠨ ᠪᠠᠶᠢᠭᠤᠯᠤᠭᠳᠠᠭᠰᠠᠨ ᠳᠠᠯᠠᠨ ᠬᠠᠷ᠎ᠠ ᠠᠭᠤᠯᠠᠨ ᠤ ᠰᠠᠯᠪᠤᠷᠢ | ᠠᠩᠭᠢ᠂ ᠶᠡᠷᠦᠩᠬᠡᠢ ᠬᠥᠳᠡᠯᠭᠡᠭᠡᠨ ᠤ ᠵᠥᠪᠯᠡᠯ ᠪᠣᠯᠣᠨ ᠫᠠᠷᠲ᠋ᠢᠽᠠᠨ ᠤ ᠳᠥᠷᠪᠡᠳᠦᠭᠡᠷ ᠰᠠᠯᠪᠤᠷᠢ ᠠᠩᠭᠢ ᠮᠤᠨᠢ | ᠠᠭᠤᠯᠠᠨ ᠳᠤ ᠳᠣᠯᠣᠭᠠᠨ ᠵᠠᠭᠤᠨ ᠭᠠᠵᠠᠷ ᠠᠶᠠᠯᠠᠨ ᠪᠠᠶᠢᠯᠳᠤᠵᠤ᠂ ᠶᠠᠫᠤᠨ ᠬᠠᠭᠤᠷᠮᠠᠭ ᠴᠡᠷᠢᠭ ᠤᠨ ᠬᠦᠴᠦᠨ ᠳᠤ | ᠴᠣᠬᠢᠯᠲᠠ ᠥᠭᠴᠦ᠂ ᠨᠠᠢᠮᠠᠳᠤᠭᠠᠷ ᠵᠠᠮ ᠤᠨ ᠴᠡᠷᠢᠭ ᠤᠨ ᠶᠠᠫᠤᠨ ᠢ ᠡᠰᠡᠷᠭᠦᠴᠡᠬᠦ ᠨᠥᠯᠥᠭᠡ ᠶᠢ ᠥᠷᠭᠡᠳᠬᠡᠵᠡᠢ᠂ ᠲᠠᠲᠠ | ᠲᠤᠤ ᠯᠢᠨ ᠰᠢᠶᠠᠨ ᠤ ᠬᠤᠲᠠ ᠳᠤ ᠠᠩᠬ᠎ᠠ ᠪᠠᠶᠢᠯᠳᠤᠵᠤ᠂ ᠤᠯᠠᠭᠠᠨᠬᠤᠸᠠ ᠪᠠᠯᠭᠠᠰᠤ ᠶᠢ ᠡᠵᠡᠯᠡᠵᠦ᠂ ᠨᠠᠢᠮᠠᠳᠤᠭᠠᠷ | ᠵᠠᠮ ᠤᠨ ᠴᠡᠷᠢᠭ ᠤᠨ ᠨᠡᠷ᠎ᠡ ᠬᠦᠨᠳᠦ ᠶᠢ ᠶᠡᠬᠡᠪᠡᠷ ᠮᠠᠨᠳᠤᠭᠤᠯᠵᠠᠶ;ᠡᠦ ᠭᠦᠩ ᠪᠠ ᠶᠢᠨ ᠪᠦᠭᠬᠦᠨ ᠴᠣᠬᠢᠬᠤ | ᠪᠠᠶᠢᠯᠳᠤᠭᠠᠨ ᠨᠢ ᠨᠠᠢᠮᠠᠳᠤᠭᠠᠷ ᠵᠠᠮ ᠤᠨ ᠴᠡᠷᠢᠭ ᠤᠨ ᠶᠠᠫᠤᠨ ᠢ ᠡᠰᠡᠷᠭᠦᠴᠡᠬᠦ ᠰᠦᠷ ᠬᠦᠴᠦᠨ ᠢ ᠲᠠᠯᠠᠨ ᠬᠠᠷ᠎ᠠ | ᠠᠭᠤᠯᠠ ᠶᠢᠨ ᠠᠷᠤ ᠬᠤᠷᠮᠣᠢ ᠠᠴᠠ ᠡᠮᠦᠨ᠎ᠡ ᠬᠤᠷᠮᠣᠢ ᠳᠠᠬᠢ ᠲᠦᠮᠡᠳ ᠤᠨ ᠲᠠᠯ᠎ᠠ ᠭᠦᠷᠲᠡᠯ᠎ᠡ ᠤᠯᠠᠮᠵᠢᠯᠠᠭᠰᠠᠨ | ᠪᠠᠶᠢᠨ᠎ᠠ᠃ | 1938 ᠣᠨ ᠤ 12 ᠰᠠᠷ᠎ᠠ ᠪᠤᠯᠬᠤ ᠳᠤ᠂ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠨᠢᠭᠡᠨᠲᠡ | ᠶᠠᠫᠤᠨ ᠤ ᠬᠠᠭᠤᠷᠮᠠᠭ ᠴᠡᠷᠢᠭ ᠢ ᠬᠤᠷᠢᠭᠯᠠᠵᠤ᠂ ᠰᠦᠢᠶᠤᠸᠠᠨ ᠤ ᠳᠤᠮᠳᠠᠳᠤ ᠬᠡᠰᠡᠭ᠂ ᠰᠦᠢᠶᠤᠸᠠᠨ ᠤ ᠪᠠᠷᠠᠭᠤᠨ ᠬᠡᠰᠡᠭ᠂ | ᠰᠦᠢᠶᠤᠸᠠᠨ ᠤ ᠡᠮᠦᠨᠡᠲᠦ ᠬᠡᠰᠡᠭ ᠤᠨ ᠭᠤᠷᠪᠠᠨ ᠫᠠᠷᠲ᠋ᠢᠽᠠᠨ ᠣᠷᠣᠨ ᠢ ᠠᠮᠵᠢᠯᠲᠠ ᠲᠠᠢ ᠨᠡᠭᠡᠭᠡᠵᠦ᠂ ᠤᠮᠠᠷᠠᠰᠢ | ᠮᠣᠷᠳᠠᠨ ᠳᠠᠶᠢᠰᠤᠨ ᠤ ᠠᠷᠤ ᠲᠠᠯ᠎ᠠ ᠳᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ | ᠭᠠᠵᠠᠷ ᠢ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠶᠠᠫᠤᠨ ᠢ ᠡᠰᠡᠷᠭᠦᠴᠡᠬᠦ ᠤᠯᠠᠭᠠᠨ ᠲᠤᠭ ᠢ ᠳᠠᠯᠠᠨ ᠬᠠᠷ᠎ᠠ | ᠠᠭᠤᠯᠠᠨ ᠳᠤ ᠪᠠᠲᠤ ᠬᠠᠳᠬᠤᠪᠠ᠃ | ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠪᠠᠶᠢᠭᠤᠯᠤᠭᠰᠠᠨ ᠤ | ᠳᠠᠷᠠᠭ᠎ᠠ᠂ ᠲᠤᠬᠠᠢ ᠶᠢᠨ ᠭᠠᠵᠠᠷ ᠤᠨ ᠭᠠᠵᠠᠷ ᠵᠦᠢ ᠶᠢᠨ ᠣᠷᠴᠢᠨ ᠲᠣᠭᠤᠷᠢᠨ ᠪᠠ ᠳᠠᠶᠢᠰᠤᠨ ᠲᠠᠢ ᠲᠡᠮᠡᠴᠡᠬᠦ | ᠬᠡᠷᠡᠭᠴᠡᠭᠡ ᠶᠢ ᠦᠨᠳᠦᠰᠦᠯᠡᠨ᠂ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠶᠠᠪᠠᠭᠠᠨ ᠴᠡᠷᠢᠭ ᠠᠴᠠ ᠠᠭᠠᠵᠢᠮ ᠢᠶᠠᠷ | ᠮᠣᠷᠢᠲᠤ ᠴᠡᠷᠢᠭ ᠪᠣᠯᠵᠤ ᠬᠤᠪᠢᠷᠠᠪᠠ᠃ ᠵᠥᠪᠭᠡᠨ 1938 ᠣᠨ ᠤ 9 ᠰᠠᠷ᠎ᠠ ᠠᠴᠠ 1940 ᠣᠨ ᠤ 1 ᠰᠠᠷ᠎ᠠ | ᠪᠤᠯᠲᠠᠯ᠎ᠠ᠂ ᠮᠣᠷᠢᠲᠤ ᠴᠡᠷᠢᠭ ᠤᠨ ᠰᠠᠯᠪᠤᠷᠢ ᠠᠩᠭᠢ ᠳᠠᠷᠤᠢ ᠶᠠᠫᠤᠨ ᠤ ᠬᠠᠭᠤᠷᠮᠠᠭ ᠴᠡᠷᠢᠭ ᠲᠠᠢ 120 ᠭᠠᠷᠤᠢ | ᠤᠳᠠᠭ᠎ᠠ ᠶᠡᠭᠡ ᠪᠠᠭ᠎ᠠ ᠪᠠᠶᠢᠯᠳᠤᠭᠠᠨ ᠬᠢᠵᠦ᠂ ᠶᠠᠫᠤᠨ ᠴᠡᠷᠢᠭ ᠤᠨ ᠮᠢᠩᠭ᠎ᠠ ᠭᠠᠷᠤᠢ ᠬᠥᠮᠥᠨ᠂ ᠬᠠᠭᠤᠷᠮᠠᠭ ᠴᠡᠷᠢᠭ ᠤᠨ | 500 ᠭᠠᠷᠤᠢ ᠬᠥᠮᠥᠨ ᠢ ᠫᠤᠤᠳᠠᠨ ᠠᠯᠠᠵᠤ᠂ ᠬᠠᠭᠤᠷᠮᠠᠭ ᠴᠡᠷᠢᠭ ᠤᠨ 500 ᠭᠠᠷᠤᠢ ᠬᠥᠮᠥᠨ ᠢ ᠣᠯᠵᠠᠯᠠᠪᠠ᠃ | ᠴᠡᠷᠢᠭ ᠳᠠᠶᠢᠨ ᠤ ᠲᠡᠮᠡᠴᠡᠯ ᠤᠨ ᠬᠦᠴᠦᠲᠡᠢ ᠥᠷᠨᠢᠬᠦ ᠶᠢ ᠳᠠᠭᠠᠯᠳᠤᠨ᠂ ᠳᠠᠯᠠᠨ ᠬᠠᠷ᠎ᠠ ᠠᠭᠤᠯᠠ ᠶᠢᠨ ᠣᠷᠣᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠵᠠᠰᠠᠭ ᠤᠨ ᠪᠠᠶᠢᠭᠤᠯᠤᠯᠲᠠ᠂ ᠨᠢᠭᠡᠳᠦᠮᠡᠯ ᠹᠷᠣᠨᠲ ᠤᠨ | ᠠᠵᠢᠯ᠂ ᠦᠨᠳᠦᠰᠦᠲᠡᠨ ᠤ ᠠᠵᠢᠯ᠂ ᠨᠢᠭᠤᠴᠠ ᠲᠡᠮᠡᠴᠡᠯ᠂ ᠳᠡᠭᠡᠷᠡᠮ ᠢ ᠤᠰᠠᠳᠬᠠᠬᠤ ᠲᠡᠮᠡᠴᠡᠯ ᠪᠦᠭᠦ ᠲᠠᠯ᠎ᠠ ᠪᠠᠷ ᠠᠬᠢᠵᠤ᠂ | ᠶᠠᠫᠤᠨ ᠤ ᠬᠠᠭᠤᠷᠮᠠᠭ ᠴᠡᠷᠢᠭ ᠲᠤ ᠬᠦᠨᠳᠦ ᠴᠣᠬᠢᠯᠲᠠ ᠥᠭᠴᠦ᠂ ᠰᠦᠢᠶᠤᠸᠠᠨ ᠣᠷᠣᠨ ᠤ ᠮᠣᠩᠭᠤᠯ ᠬᠢᠲᠠᠳ ᠡᠯ᠎ᠡ | ᠦᠨᠳᠦᠰᠦᠲᠡᠨ ᠤ ᠠᠷᠠᠳ ᠲᠦᠮᠡᠨ ᠤ ᠳᠠᠶᠢᠰᠤᠨ ᠢ ᠢᠯᠠᠬᠤ ᠢᠲᠡᠭᠡᠯ ᠵᠣᠷᠢᠭ ᠢ ᠬᠥᠪᠴᠢᠯᠡᠵᠡᠢ᠃ | ᠶᠠᠫᠤᠨ ᠳᠡᠭᠡᠷᠡᠮᠴᠢᠳ ᠺᠣᠯᠣᠨᠢ ᠶᠢᠨ ᠨᠣᠶᠠᠷᠬᠠᠯ ᠢᠶᠠᠨ ᠪᠠᠬᠢᠵᠢᠭᠦᠯᠬᠦ ᠶᠢᠨ ᠲᠥᠯᠥᠭᠡ ᠤᠷᠢᠳ ᠬᠤᠵᠢᠳ ᠬᠡᠳᠦᠨ | ᠠᠷᠪᠠᠨ ᠤᠳᠠᠭ᠎ᠠ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠢ ᠪᠦᠰᠡᠯᠡᠨ | ᠤᠰᠠᠳᠬᠠᠪᠠ᠃ ᠤᠳᠤᠷᠢᠳᠬᠤ ᠪᠠᠶᠢᠭᠤᠯᠭ᠎ᠠ ᠪᠣᠯᠣᠨ ᠮᠣᠷᠢᠲᠤ ᠴᠡᠷᠢᠭ ᠤᠨ ᠭᠤᠣᠯ ᠬᠦᠴᠦᠨ ᠰᠢᠯᠵᠢᠵᠦ᠂ ᠳᠠᠶᠢᠰᠤᠨ | ᠮᠠᠨ ᠤ ᠬᠦᠴᠦᠨ ᠤ ᠵᠥᠷᠢᠶ᠎ᠡ ᠲᠤᠩ ᠶᠡᠭᠡ᠂ ᠣᠷᠴᠢᠨ ᠲᠣᠭᠤᠷᠢᠨ ᠲᠤᠶᠢᠯ ᠤᠨ ᠠᠶᠤᠯ ᠲᠦᠭᠰᠢᠭᠦᠷᠢᠲᠡᠢ ᠪᠠᠶᠢᠳᠠᠯ | ᠳᠣᠣᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠶᠠᠫᠤᠨ ᠢ ᠡᠰᠡᠷᠭᠦᠴᠡᠬᠦ ᠬᠦᠴᠦᠨ ᠲᠠᠯᠠᠨ | ᠬᠠᠷ᠎ᠠ ᠠᠭᠤᠯᠠᠨ ᠳᠤ ᠢᠮᠠᠭᠲᠠ ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠭᠡᠷ ᠢᠷᠡᠵᠠᠢ᠃ 1944 ᠣᠨ ᠪᠤᠯᠬᠤ ᠳᠤ᠂ | ᠮᠠᠨ ᠤ ᠴᠡᠷᠢᠭ ᠤᠨ ᠡᠵᠡᠮᠰᠢᠭᠰᠡᠨ ᠫᠠᠷᠲ᠋ᠢᠽᠠᠨ ᠤ ᠰᠠᠭᠤᠷᠢᠨ ᠭᠠᠵᠠᠷ ᠤᠨ ᠶᠡᠷᠦᠩᠬᠡᠢ ᠲᠠᠯᠠᠪᠠᠢ ᠨᠢᠭᠡᠨᠲᠡ 11 ᠲᠦᠮᠡ | ᠭᠠᠷᠤᠢ ᠲᠡᠭᠰᠢ ᠳᠥᠷᠪᠡᠯᠵᠢᠨ ᠭᠠᠵᠠᠷ ᠬᠦᠷᠴᠦ᠂ ᠶᠡᠷᠦᠩᠬᠡᠢ ᠬᠥᠮᠥᠨ ᠠᠮᠠ 46 ᠲᠦᠮᠡ ᠳᠤ ᠬᠦᠷᠴᠡᠢ᠂ ᠡᠭᠦᠨ ᠤ | ᠳᠣᠲᠣᠷ᠎ᠠ ᠨᠡᠯᠢᠶᠡᠳ ᠪᠠᠲᠤ ᠪᠠᠬᠢ ᠫᠠᠷᠲ᠋ᠢᠽᠠᠨ ᠤ ᠰᠠᠭᠤᠷᠢᠨ ᠭᠠᠵᠠᠷ ᠤᠨ ᠲᠠᠯᠠᠪᠠᠢ 3 ᠲᠦᠮᠡ ᠭᠠᠷᠤᠢ ᠲᠡᠭᠰᠢ | ᠳᠥᠷᠪᠡᠯᠵᠢᠨ ᠭᠠᠵᠠᠷ ᠬᠦᠷᠴᠦ᠂ ᠶᠡᠷᠦᠩᠬᠡᠢ ᠬᠥᠮᠥᠨ ᠠᠮᠠ 15 ᠲᠦᠮᠡ ᠳᠤ ᠬᠦᠷᠴᠡᠢ᠃ 1945 ᠣᠨ ᠤ 9 | ᠰᠠᠷ᠎ᠠ ᠶᠢᠨ 2 ᠤᠨ ᠡᠳᠦᠷ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠪᠦᠭᠦ | ᠤᠯᠤᠰ ᠤᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ | ᠳᠠᠶᠢᠨ ᠤ ᠠᠭᠤᠤ ᠶᠡᠭᠡ ᠢᠯᠠᠯᠲᠠ ᠶᠢ ᠤᠭᠲᠤᠨ ᠠᠪᠴᠠᠢ᠃ | ᠦᠶ᠎ᠡ ᠶᠢᠨ ᠦᠶ᠎ᠡ ᠳᠤ ᠤᠯᠠᠮᠵᠢᠯᠠᠭᠳᠠᠬᠤ ᠬᠤᠪᠢᠰᠬᠠᠯᠲᠤ ᠵᠣᠷᠢᠭ ᠰᠠᠨᠠᠭ᠎ᠠ | ᠳᠤᠮᠳᠠᠳᠤ ᠤᠯᠤᠰ ᠤᠨ ᠬᠤᠪᠢᠰᠬᠠᠯ ᠤᠨ ᠲᠡᠦᠬᠡᠨ ᠳᠡᠭᠡᠷ᠎ᠡ᠂ ᠲᠠᠯᠠᠨ ᠬᠠᠷ᠎ᠠ ᠠᠭᠤᠯᠠ ᠶᠢᠨ ᠶᠠᠫᠤᠨ ᠢ | ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠴᠢᠬᠤᠯᠠ ᠦᠢᠯᠡᠳᠦᠯ ᠦᠵᠡᠭᠦᠯᠵᠡᠢ᠄ ᠲᠡᠷᠡ ᠨᠢ ᠶᠡᠭᠡ ᠬᠡᠮᠵᠢᠶᠡᠨ ᠤ | ᠶᠠᠫᠤᠨ ᠤ ᠬᠠᠭᠤᠷᠮᠠᠭ ᠴᠡᠷᠢᠭ ᠢ ᠤᠰᠠᠳᠬᠠᠨ ᠬᠤᠷᠢᠭᠯᠠᠵᠤ᠂ ᠶᠠᠫᠤᠨ ᠤ ᠬᠠᠭᠤᠷᠮᠠᠭ ᠴᠡᠷᠢᠭ ᠤᠨ ︽ᠪᠠᠷᠠᠭᠤᠨᠰᠢ | ᠣᠷᠣᠬᠤ︾ ᠪᠠ ︽ᠡᠮᠦᠨᠡᠰᠢ ᠣᠷᠣᠬᠤ︾ ᠭᠤᠷᠢᠳᠠᠯᠭ᠎ᠠ ᠶᠢ ᠬᠤᠷᠢᠭᠯᠠᠵᠤ᠂ ᠱᠠᠨᠰᠢ ᠭᠠᠨᠰᠤ ᠨᠢᠩᠰᠢᠶᠠ ᠶᠢᠨ ᠬᠢᠵᠠᠭᠠᠷ | ᠣᠷᠣᠨ ᠪᠠ ᠱᠠᠨ ᠰᠢ ᠰᠦᠢᠶᠤᠸᠠᠨ ᠤ ᠬᠢᠵᠠᠭᠠᠷ ᠣᠷᠣᠨ ᠤ ᠤᠮᠠᠷᠠᠲᠤ ᠶᠢᠨ ᠬᠠᠭᠠᠯᠭ᠎ᠠ ᠶᠢ ᠬᠠᠮᠠᠭᠠᠯᠠᠭᠰᠠᠨ ᠪᠥᠭᠡᠳ | ᠮᠠᠨ ᠤ ᠴᠡᠷᠢᠭ ᠤᠨ ᠪᠠᠶᠢᠯᠳᠤᠬᠤ ᠪᠣᠳᠣᠯᠭ᠎ᠠ ᠶᠢᠨ ᠭᠡᠳᠡᠷᠭᠦ ᠳᠣᠪᠲᠤᠯᠤᠯᠲᠠ ᠶᠢᠨ ᠱᠠᠲᠤᠨ ᠤ ᠤᠷᠤᠭᠰᠢᠯᠠᠯᠲᠠ ᠶᠢᠨ | ᠵᠢᠭᠰᠠᠭᠠᠯ ᠤᠨ ᠭᠠᠵᠠᠷ ᠪᠣᠯᠤᠭᠰᠠᠨ ᠪᠠᠶᠢᠨ᠎ᠠ᠃ ᠲᠡᠷᠡ ᠨᠢ ᠵᠥᠪᠯᠡᠯᠲᠦ ᠪᠣᠯᠣᠨ ᠮᠣᠩᠭᠤᠯ ᠳᠤ ᠨᠡᠪᠲᠡᠷᠡᠬᠦ ᠤᠯᠠᠨ | ᠤᠯᠤᠰ ᠤᠨ ᠵᠠᠮ ᠬᠠᠷᠢᠯᠴᠠᠭᠠᠨ ᠤ ᠱᠤᠭᠤᠮ ᠢ ᠨᠡᠭᠡᠭᠡᠵᠦ᠂ ᠲᠥᠪ ᠬᠤᠷᠢᠶ᠎ᠠ ᠪᠣᠯᠣᠨ ᠡᠪ ᠬᠠᠮᠲᠤ ᠶᠢᠨ | ᠢᠨᠲ᠋ᠧᠷᠨᠠᠼᠢᠣᠨᠠᠯ ᠤᠨ ᠬᠠᠷᠢᠯᠴᠠᠭ᠎ᠠ ᠶᠢ ᠪᠠᠲᠤᠯᠠᠬᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠬᠦᠴᠦᠨ ᠢ | ᠴᠢᠩᠭᠠᠳᠬᠠᠬᠤ ᠳᠤ ᠴᠢᠬᠤᠯᠠ ᠦᠢᠯᠡᠳᠦᠯ ᠦᠵᠡᠭᠦᠯᠵᠡᠶ᠃ ᠲᠡᠭᠦᠨ ᠤ ᠦᠨᠳᠦᠰᠦᠲᠡᠨ ᠤ ᠠᠵᠢᠯ ᠤᠨ ᠦᠢᠯᠡᠳᠦᠯᠭᠡ ᠨᠢ | ᠶᠠᠫᠤᠨ ᠢ ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ ᠤ ᠳᠠᠷᠠᠭ᠎ᠠ ᠥᠪᠥᠷ ᠮᠣᠩᠭᠤᠯ ᠤᠨ ᠦᠨᠳᠦᠰᠦᠲᠡᠨ ᠤ | ᠴᠢᠯᠦᠭᠡᠯᠡᠯᠲᠡ ᠶᠢᠨ ᠬᠥᠳᠡᠯᠭᠡᠭᠡᠨ ᠪᠣᠯᠣᠨ ᠠᠷᠠᠳ ᠤᠨ ᠬᠤᠪᠢᠰᠬᠠᠯᠲᠤ ᠬᠥᠳᠡᠯᠭᠡᠭᠡᠨ ᠤ ᠬᠥᠭᠵᠢᠯᠲᠡ ᠳᠤ ᠲᠤᠶᠢᠯ ᠤᠨ | ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠴᠡᠢ᠃ | ᠳᠠᠯᠠᠨ ᠬᠠᠷ᠎ᠠ ᠠᠭᠤᠯᠠ ᠶᠢᠨ ᠡᠨᠡ ᠬᠦ ᠬᠤᠪᠢᠰᠬᠠᠯ ᠤᠨ ᠨᠤᠲᠤᠭ ᠳᠡᠪᠢᠰᠬᠡᠷ ᠳᠡᠭᠡᠷ᠎ᠡ᠂ ᠨᠠᠢᠮᠠᠳᠤᠭᠠᠷ ᠵᠠᠮ ᠤᠨ | ᠴᠡᠷᠢᠭ᠂ ᠫᠠᠷᠲ᠋ᠢᠽᠠᠨ ᠠᠩᠭᠢ ᠪᠣᠯᠣᠨ ᠰᠠᠭᠤᠷᠢᠨ ᠭᠠᠵᠠᠷ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠠᠰᠠ | ᠲᠤᠶᠢᠯ ᠤᠨ ᠶᠡᠭᠡ ᠦᠷᠡᠭᠳᠡᠯ ᠰᠦᠢᠳᠦᠯ ᠭᠠᠷᠭᠠᠪᠠ᠂ ᠵᠥᠪᠭᠡᠨ 1945 ᠣᠨ ᠤ ᠪᠦᠷᠢᠨ ᠪᠤᠰᠤ ᠪᠦᠷᠢᠳᠬᠡᠯ ᠢᠶᠠᠷ᠂ | ᠳᠠᠯᠠᠨ ᠬᠠᠷ᠎ᠠ ᠠᠭᠤᠯᠠ ᠶᠢᠨ ᠭᠠᠵᠠᠷ ᠣᠷᠣᠨ ᠤ ᠰᠠᠯᠠᠭ᠎ᠠ ᠠᠴᠠ ᠳᠡᠭᠡᠭᠰᠢᠬᠢ ᠺᠠᠳ᠋ᠷ 1000 ᠭᠠᠷᠤᠢ ᠪᠡᠶ᠎ᠡ | ᠦᠷᠡᠭᠳᠡᠪᠡ᠂ ᠡᠭᠦᠨ ᠤ ᠳᠣᠲᠣᠷ᠎ᠠ ᠨᠡᠯᠢᠶᠡᠳ ᠳᠡᠭᠡᠳᠦ ᠳᠡᠰ ᠤᠨ ᠺᠠᠳ᠋ᠷ ᠲᠤ ᠫᠧᠩ ᠳ᠋ᠧ ᠳ᠋ᠠ᠂ ᠯᠢᠦ ᠬᠤᠩ ᠰᠢᠶᠦ᠋ᠩ᠂ | ᠸᠠᠩ ᠰᠢᠶᠠᠨ ᠭᠤᠸᠠᠩ᠂ ᠸᠠᠩ ᠵᠢᠦᠢ ᠳ᠋ᠧ᠂ ᠼᠦᠢ ᠶᠠᠨ᠂ ᠴᠧᠩ ᠵᠦᠩ ᠢ᠂ ᠨᠢᠩ ᠳ᠋ᠧ ᠴᠢᠩ ᠵᠢᠴᠢ ᠮᠣᠩᠭᠤᠯ | ᠦᠨᠳᠦᠰᠦᠲᠡᠨ ᠤ ᠺᠠᠳ᠋ᠷ ᠵᠢᠷᠭᠠᠯ᠂ ᠭᠤᠤ ᠹᠧᠩ ᠶᠢᠩ ᠨᠠᠷ ᠪᠠᠶᠢᠨ᠎ᠠ᠃ | ᠬᠤᠪᠢᠰᠬᠠᠯ ᠤᠨ ᠠᠬᠠᠮᠠᠳ ᠦᠶ᠎ᠡ ᠶᠢᠨ ᠬᠢᠨ ᠠᠮᠢ ᠨᠠᠰᠤ ᠪᠠᠷ ᠢᠶᠠᠨ ᠪᠠᠶᠢᠯᠳᠤᠭᠠᠨ ᠤ ᠬᠠᠭᠤᠳᠠᠰᠤ ᠶᠢ | ᠪᠢᠴᠢᠭᠯᠡᠵᠦ᠂ ᠬᠤᠵᠢᠮ ᠤᠨ ᠬᠥᠮᠥᠰ ᠲᠤ ᠡᠯᠪᠡᠭ ᠪᠠᠶᠠᠯᠢᠭ ᠤᠶᠤᠨ ᠰᠠᠨᠠᠭᠠᠨ ᠤ ᠥᠪ ᠬᠥᠷᠥᠩᠭᠡ ᠦᠯᠡᠳᠡᠭᠡᠪᠡ᠃ | ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠲᠡᠦᠬᠡ ᠪᠣᠯ ᠳᠤᠮᠳᠠᠳᠤ | ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠲᠡᠦᠬᠡᠨ ᠳᠡᠭᠡᠷᠡᠬᠢ ᠭᠡᠷᠡᠯ ᠰᠠᠴᠤᠷᠠᠩᠭᠤᠢ | ᠨᠢᠭᠡᠨ ᠬᠠᠭᠤᠳᠠᠰᠤ ᠮᠥᠨ᠂ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢᠨ ᠠᠭᠤᠤ ᠶᠡᠭᠡ ᠢᠯᠠᠯᠲᠠ | ᠮᠥᠨ᠂ ᠪᠠᠰᠠ ᠴᠤ ᠳᠠᠯᠠᠨ ᠬᠠᠷ᠎ᠠ ᠠᠭᠤᠯᠠ ᠶᠢᠨ ᠴᠡᠷᠢᠭ ᠠᠷᠠᠳ ᠤᠨ ᠪᠦᠯᠬᠦᠮᠳᠡᠨ ᠲᠡᠮᠡᠴᠡᠵᠦ᠂ ᠭᠠᠳᠠᠭᠠᠳᠤ ᠶᠢᠨ | ᠳᠠᠶᠢᠰᠤᠨ ᠢ ᠬᠠᠮᠲᠤ ᠪᠠᠷ ᠡᠰᠡᠷᠭᠦᠴᠡᠨ ᠬᠤᠷᠢᠭᠯᠠᠭᠰᠠᠨ ᠡᠬᠡ ᠣᠷᠣᠨᠴᠢ ᠦᠵᠡᠯ ᠪᠠ ᠦᠨᠳᠦᠰᠦᠲᠡᠨ ᠤ | ᠪᠦᠯᠬᠦᠮᠳᠡᠯ ᠤᠨ ᠢᠯᠠᠯᠲᠠ ᠶᠢᠨ ᠳᠠᠭᠤᠤ ᠮᠥᠨ᠃ | ᠤᠳᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ | ᠦᠯᠡᠳᠡᠭᠡᠭᠰᠡᠨ ᠬᠤᠪᠢᠰᠬᠠᠯᠲᠤ ᠤᠳᠤᠮᠰᠢᠯ ᠮᠥᠨ ᠬᠦ ᠦᠶ᠎ᠡ ᠤᠯᠠᠷᠢᠨ ᠤᠯᠠᠮᠵᠢᠯᠠᠭᠳᠠᠭᠰᠠᠭᠠᠷ ᠪᠤᠢ᠃ ᠲᠦᠮᠡᠳ ᠵᠡᠭᠦᠨ | ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠳᠡᠳ᠋ | ᠡᠷᠭᠢᠯᠡᠭᠴᠢ ᠭᠦᠸᠧ ᠵᠢᠩ ᠰᠤᠷᠪᠤᠯᠵᠢᠯᠠᠬᠴᠢ ᠳᠤ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ | ᠰᠠᠭᠤᠷᠢᠨ ᠭᠠᠵᠠᠷ ᠤᠨ ᠴᠢᠬᠤᠯᠠ ᠣᠷᠣᠨ ᠪᠦᠰᠡ ᠪᠤᠯᠬᠤ ᠲᠦᠮᠡᠳ ᠵᠡᠭᠦᠨ ᠬᠤᠰᠢᠭᠤ ᠥᠪᠥᠷ ᠮᠣᠩᠭᠤᠯ ᠤᠨ | ᠬᠤᠪᠢᠰᠬᠠᠯ ᠤᠨ ᠥᠯᠥᠭᠡᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠡᠷᠲᠡ ᠦᠶ᠎ᠡ ᠶᠢᠨ ᠬᠤᠪᠢᠰᠬᠠᠯ ᠤᠨ | ᠣᠴᠢ ᠶᠢ ᠳᠦᠷᠡᠯᠵᠢᠭᠦᠯᠪᠡ᠃ 2020 ᠣᠨ ᠠᠴᠠ ᠡᠬᠢᠯᠡᠨ᠂ ᠲᠦᠮᠡᠳ ᠵᠡᠭᠦᠨ ᠬᠤᠰᠢᠭᠤᠨ ᠤ ︽ᠬᠤᠪᠢᠰᠬᠠᠯᠲᠤ | ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠨᠢ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ | ᠬᠤᠪᠢᠰᠬᠠᠯᠲᠤ ᠰᠣᠶᠣᠯ ᠤᠨ ᠤᠬᠢᠶᠠᠯ ᠢ ᠪᠠᠶᠢᠩᠭᠤ ᠬᠦᠷᠲᠡᠭᠡᠵᠦ᠂ ᠠᠷᠠᠳ ᠣᠯᠠᠨ ᠳᠤ ᠬᠤᠪᠢᠰᠬᠠᠯᠲᠤ ᠰᠣᠶᠣᠯ ᠤᠨ | ᠲᠡᠯᠡᠶ ᠲᠠᠩᠭᠢᠰ ᠲᠤ ᠤᠬᠢᠶᠠᠯ ᠬᠦᠷᠲᠡᠭᠡᠵᠦ᠂ ᠵᠠᠯᠠᠭᠤᠴᠤᠳ ᠪᠠᠭᠠᠴᠤᠳ ᠬᠡᠦᠬᠡᠳ ᠲᠤ ᠬᠤᠪᠢᠰᠬᠠᠯᠲᠤ ᠤᠳᠤᠮᠰᠢᠯ ᠢ | ᠤᠯᠠᠮᠵᠢᠯᠠᠪᠠ ᠭᠡᠵᠦ ᠬᠡᠯᠡᠵᠦ ᠥᠭᠪᠡ᠃ | ᠰᠤᠷᠪᠤᠯᠵᠢᠯᠠᠬᠴᠢ ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ | ᠰᠠᠭᠤᠷᠢᠨ ᠭᠠᠵᠠᠷ ᠤᠨ ᠬᠠᠭᠤᠴᠢᠨ ᠪᠠᠭᠤᠷᠢ ᠪᠣᠯ ᠪᠦᠭᠦ ᠤᠯᠤᠰ ᠤᠨ ᠵᠠᠭᠤᠨ ᠬᠤᠪᠢᠰᠬᠠᠯᠲᠤ ᠵᠢᠭᠤᠯᠴᠢᠯᠠᠯ ᠤᠨ | ᠰᠣᠩᠭᠤᠳᠠᠭ ᠦᠵᠡᠮᠵᠢ ᠶᠢᠨ ᠣᠷᠣᠨ ᠤ ᠨᠢᠭᠡ ᠪᠣᠯᠣᠨ᠎ᠠ᠃ ᠣᠳᠣᠬᠠᠨ ᠳᠤ᠂ ᠭᠦᠭᠡᠬᠤᠲᠠ ᠳᠠᠯᠠᠨ ᠬᠠᠷ᠎ᠠ ᠠᠭᠤᠯᠠ ᠶᠢᠨ | ᠶᠠᠫᠤᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ᠂ ᠯᠢ ᠴᠢ ᠭᠧᠦ ᠬᠤᠤ | ᠲᠣᠭᠤᠷᠢᠭ ᠤᠨ ᠵᠠᠰᠠᠭ ᠤᠨ ᠣᠷᠳᠣᠨ ᠤ ᠪᠠᠭᠤᠷᠢ᠂ ᠳ᠋ᠧ ᠱᠧᠩ ᠭᠧᠦ ᠶᠢᠨ ᠨᠠᠢᠮᠠᠳᠤᠭᠠᠷ ᠵᠠᠮ ᠤᠨ ᠴᠡᠷᠢᠭ ᠤᠨ | ᠱᠲ᠋ᠠᠪ ᠤᠨ ᠪᠠᠭᠤᠷᠢ᠂ ᠵᠢᠩ ᠡᠯ ᠭᠧᠦ ᠶᠢᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠢᠶᠠᠷ ᠭᠤᠣᠯ ᠵᠠᠩᠭᠢᠯᠠᠭ᠎ᠠ ᠶᠢᠨ ᠴᠡᠭ ᠪᠤᠯᠭᠠᠵᠤ᠂ ᠬᠤᠪᠢᠰᠬᠠᠯ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠯᠭᠦᠮ ᠪᠠᠶᠢᠭᠤᠯᠬᠤ ᠬᠥᠭᠵᠢᠯᠲᠡ ᠶᠢᠨ ᠪᠦᠰᠡ ᠶᠢ ᠪᠦᠷᠢᠯᠳᠦᠭᠦᠯᠵᠦ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠬᠦ᠂ ᠬᠤᠪᠢᠰᠬᠠᠯ ᠤᠨ ᠬᠥᠮᠦᠵᠢᠯ | ᠥᠷᠨᠢᠭᠦᠯᠬᠦ ᠴᠢᠬᠤᠯᠠ ᠰᠠᠭᠤᠷᠢᠨ ᠪᠣᠯᠵᠠᠢ᠃ | ᠬᠤᠪᠢᠰᠬᠠᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠣᠯ ᠮᠠᠨ ᠤ ᠨᠠᠮ ᠤᠨ ᠬᠤᠪᠢᠰᠬᠠᠯ᠂ ᠪᠦᠲᠦᠭᠡᠨ | ᠪᠠᠶᠢᠭᠤᠯᠤᠯᠲᠠ ᠪᠠ ᠥᠭᠡᠷᠡᠴᠢᠯᠡᠯᠲᠡ ᠶᠢᠨ ᠳᠤᠮᠳᠠ ᠪᠦᠷᠢᠯᠳᠦᠭᠰᠡᠨ ᠡᠷᠬᠢᠮ ᠨᠠᠨᠳᠢᠨ ᠣᠶᠤᠨ ᠰᠠᠨᠠᠭᠠᠨ ᠤ ᠥᠪ | ᠬᠥᠷᠥᠩᠭᠡ ᠮᠥᠨ᠃ ᠣᠶᠢᠷ᠎ᠠ ᠶᠢᠨ ᠬᠡᠳᠦᠨ ᠵᠢᠯ ᠳᠤ᠂ ᠭᠦᠭᠡᠬᠤᠲᠠ ᠬᠤᠪᠢᠰᠬᠠᠯ ᠤᠨ ᠵᠢᠭᠤᠯᠴᠢᠯᠠᠯ ᠢ ᠶᠡᠭᠡ ᠪᠠᠷ | ᠬᠥᠭᠵᠢᠭᠦᠯᠵᠦ᠂ ᠬᠤᠪᠢᠰᠬᠠᠯ ᠤᠨ ᠲᠦᠷᠦᠯ ᠲᠡᠮᠳᠡᠭ ᠢ ᠥᠷᠭᠡᠨ ᠢᠶᠠᠷ ᠤᠬᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ | ᠰᠠᠶᠢᠲᠤᠷ ᠠᠰᠢᠭᠯᠠᠵᠤ᠂ ᠬᠤᠪᠢᠰᠬᠠᠯ ᠤᠨ ᠤᠯᠠᠮᠵᠢᠯᠠᠯ ᠢ ᠰᠠᠶᠢᠲᠤᠷ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ | ᠰᠠᠶᠢᠲᠤᠷ ᠤᠯᠠᠮᠵᠢᠯᠠᠵᠤ᠂ ᠨᠠᠮ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠳᠤᠮᠳᠠ ᠠᠴᠠ ᠬᠦᠴᠦᠯᠡᠨ | ᠤᠷᠤᠭᠰᠢᠯᠠᠬᠤ ᠰᠢᠷᠭᠢᠰᠢ ᠦᠭᠡᠢ ᠬᠥᠳᠡᠯᠭᠡᠬᠦ ᠬᠦᠴᠦᠨ ᠣᠯᠵᠤ᠂ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ | ᠲᠠᠶᠢᠨ ᠢ ᠰᠠᠶᠢᠲᠤᠷ ᠬᠢᠬᠦ ᠪᠠᠷ ᠴᠢᠷᠮᠠᠶᠢᠵᠤ ᠪᠠᠶᠢᠨ᠎ᠠ᠃ | | | |