ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/17
     11 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠡᠭᠡᠵᠢᠩ ᠾᠤᠪᠸᠢ ᠳᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠣᠭᠰᠣᠯᠲᠠ ᠪᠣᠯᠤᠨ ᠤᠯᠤᠰ ᠲᠦᠷᠦ ᠶᠢᠨ ᠤᠬᠠᠮᠰᠠᠷ ᠢᠶᠠᠷ ᠭᠤᠣᠯ ᠰᠡᠳᠦᠪᠲᠦ ᠬᠥᠮᠦᠵᠢᠯ ᠤᠨ ᠠᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠵᠦᠢᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠡᠨᠡ ᠡᠪᠦᠯ ᠳᠠᠷᠠᠭ᠎ᠠ ᠬᠠᠪᠤᠷ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ᠂ ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠷᠢᠳᠴᠢᠯᠠᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠨᠢ ᠮᠠᠨ ᠤ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠵᠡᠷᠭᠡ ᠠᠵᠢᠯ ᠢ ᠰᠠᠶᠢᠲᠤᠷ ᠬᠢᠬᠦ ᠳᠤ ᠠᠵᠢᠯᠯᠠᠭᠠᠨ ᠤ ᠵᠦᠭᠯᠡᠭᠦᠷ ᠬᠠᠩᠭᠠᠪᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠦᠷᠭᠦᠯᠵᠢᠯᠡᠨ ᠲᠦᠷᠭᠡᠳᠬᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠷᠴᠢᠨ ᠲᠣᠭᠤᠷᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ ᠢ ᠢᠯᠭᠠᠷᠠᠭᠤᠯᠤᠨ ᠪᠠᠶᠢᠴᠠᠭᠠᠬᠤ ᠠᠵᠢᠯ ᠢ ᠦᠷᠭᠦᠯᠵᠢᠯᠡᠨ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠰᠠᠶᠢᠲᠤᠷ ᠰᠠᠬᠢᠵᠤ ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠪᠠᠶᠢᠷᠢᠯᠠᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号