ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/17
     11 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 2022 ᠣᠨ ᠳᠤ ᠪᠠᠶᠢᠴᠠᠭᠠᠨ ᠰᠢᠢᠳᠪᠦᠷᠢᠯᠡᠭᠰᠡᠨ 7 ᠬᠦᠨᠳᠦ ᠶᠡᠭᠡ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠢ ᠮᠡᠳᠡᠭᠡᠯᠡᠯ ︾ ᠢ ᠤᠯᠠᠮᠵᠢᠯᠠᠬᠤ ᠶᠢᠨ ᠬᠠᠮᠲᠤ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ︔ ᠮᠠᠨ ᠤ ᠰᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠨ᠂ ᠲᠤᠭ᠎ᠠ ᠪᠦᠷᠢᠳᠬᠡᠯ ᠤᠨ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠰᠢᠢᠳᠬᠡᠨ ᠵᠠᠯᠬᠠᠭᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠤᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠥᠬᠦ ᠰᠢᠶᠠᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠲᠤᠭ᠎ᠠ ᠪᠦᠷᠢᠳᠬᠡᠯ ᠢ ᠬᠠᠤᠯᠢ ᠪᠠᠷ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠮᠠᠭᠤ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠨᠠᠮ ᠤᠨ ᠰᠤᠷᠲᠠᠯ ᠤᠨ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠦᠨᠡᠨᠬᠦ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠰᠤᠷᠳᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠤᠢ ᠪᠣᠯᠭᠠᠵᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠴᠠᠭ ᠢᠮᠠᠭᠲᠠ ᠪᠣᠯᠭᠤᠮᠵᠢᠲᠠᠢ ᠪᠠᠶᠢᠬᠤ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号