11 ᠰᠠᠷ᠎ᠠ ᠶᠢᠨ 16 ᠤ ᠡᠳᠦᠷ᠂ ᠦᠴᠤᠸᠠᠨ ᠰᠢᠶᠠᠨ ᠳᠤ ︽ᠤᠮᠠᠷᠠᠲᠤ ᠬᠢᠯᠢ ᠶᠢᠨ ᠰᠣᠶᠣᠯ︾ ᠤᠨ | ᠵᠣᠬᠢᠶᠠᠨ ᠪᠦᠲᠦᠭᠡᠬᠦ ᠰᠤᠳᠤᠯᠭᠠᠨ ᠤ ᠲᠥᠪ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠭᠤᠯᠵᠤ᠂ 30 ᠭᠠᠷᠤᠶ | ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ | ᠬᠦᠷᠢᠶᠡᠨ ᠳᠠᠬᠢ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠡᠷᠳᠡᠮᠲᠡᠳ ᠦᠴᠤᠸᠠᠨ ᠳᠤ ᠴᠤᠭᠯᠠᠷᠠᠵᠤ᠂ ᠦᠴᠤᠸᠠᠨ | ᠰᠢᠶᠠᠨ ᠤ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭᠲᠦ ᠶᠢ ᠡᠭᠦᠳᠬᠦ ᠶᠢᠨ ᠲᠣᠭᠤᠷᠢᠨ ᠳᠤ | ᠬᠠᠮᠲᠤ ᠪᠠᠷ ᠥᠷᠭᠡᠨ ᠭᠦᠨᠵᠡᠭᠡᠶ ᠰᠣᠯᠢᠯᠴᠠᠭ᠎ᠠ ᠬᠢᠵᠡᠶ᠃ | ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭᠲᠦ ᠶᠢ ᠡᠭᠦᠳᠬᠦ ᠪᠣᠯ ᠥᠪᠡᠷᠲᠡᠭᠡᠨ ᠵᠠᠰᠠᠬᠤ | ᠣᠷᠣᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠳᠤ᠂ ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ | ᠲᠡᠮᠳᠡᠭᠲᠦ ᠶᠢ ᠡᠭᠦᠳᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ | ᠦᠴᠤᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ︽ᠤᠮᠠᠷᠠᠲᠤ ᠬᠢᠯᠢ ᠶᠢᠨ | ᠰᠣᠶᠣᠯ︾ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠲᠤ ᠬᠠᠮᠤᠭ ᠤᠨ ᠲᠦᠷᠦᠭᠦᠨ ᠳᠤ ᠰᠢᠰᠲ᠋ᠧᠮ ᠲᠠᠢ | ᠳᠣᠭᠢᠷᠠᠭᠤᠯᠤᠨ ᠪᠠᠶᠢᠷᠢᠯᠠᠭᠤᠯᠵᠤ᠂ ᠦᠴᠤᠸᠠᠨ ᠰᠢᠶᠠᠨ ᠤ ︽ᠤᠮᠠᠷᠠᠲᠤ ᠬᠢᠯᠢ ᠶᠢᠨ ᠰᠣᠶᠣᠯ︾ ᠤᠨ ᠵᠣᠬᠢᠶᠠᠨ | ᠪᠦᠲᠦᠭᠡᠬᠦ ᠰᠤᠳᠤᠯᠭᠠᠨ ᠤ ᠲᠥᠪ ᠢ ᠬᠠᠮᠤᠭ ᠤᠨ ᠲᠦᠷᠦᠭᠦᠨ ᠳᠤ ᠪᠠᠶᠢᠭᠤᠯᠤᠭᠰᠠᠨ ᠪᠥᠭᠡᠳ ᠥᠪᠡᠷᠲᠡᠭᠡᠨ ᠵᠠᠰᠠᠬᠤ | ᠣᠷᠣᠨ᠂ ᠬᠤᠲᠠ᠂ ᠰᠢᠶᠠᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ᠂ ᠦᠴᠤᠸᠠᠨ | ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠤᠳᠠᠰᠤ ᠶᠢ ᠠᠳᠬᠤᠨ ᠣᠨᠣᠰᠢᠯᠠᠬᠤ ᠶᠢᠨ ᠬᠠᠮᠲᠤ | ᠣᠶᠤᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠦᠴᠤᠸᠠᠨ ᠰᠢᠶᠠᠨ ᠮᠤᠨᠢ ᠠᠭᠤᠯᠠ ᠶᠢᠨ ᠠᠷᠤ ᠬᠤᠷᠮᠣᠢ ᠳᠤ ᠪᠠᠶᠢᠷᠢᠯᠠᠵᠤ᠂ ᠲᠠᠷᠢᠶᠠᠯᠠᠬᠤ ᠰᠣᠶᠣᠯ ᠪᠣᠯᠤᠨ | ᠲᠠᠯ᠎ᠠ ᠨᠤᠲᠤᠭ ᠤᠨ ᠰᠣᠶᠣᠯ ᠰᠣᠯᠪᠢᠴᠠᠨ ᠠᠭᠤᠰᠤᠯᠴᠠᠵᠤ᠂ ᠠᠷᠠᠳ ᠤᠨ ᠵᠠᠩ ᠦᠢᠯᠡ ᠶᠢᠨ ᠠᠭᠤᠯᠬᠤᠨ ᠡᠯᠪᠡᠭ | ᠪᠠᠶᠠᠯᠢᠭ᠂ ᠮᠠᠩᠬᠠᠨ ᠳᠠᠭᠤᠤ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠣᠨᠴᠠᠯᠢᠭ ᠢᠶᠠᠷ ᠢᠯᠡ | ᠲᠣᠳᠣ ᠪᠠᠶᠢᠳᠠᠭ᠃ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ | ᠭᠤᠤᠯ ᠤᠨ ᠰᠣᠶᠣᠯ᠂ ᠣᠷᠳᠣ ᠴᠠᠭᠠᠨ ᠬᠡᠷᠡᠮ ᠤᠨ ᠰᠣᠶᠣᠯ ᠵᠡᠷᠭᠡ ᠨᠢ ᠦᠴᠤᠸᠠᠨ ᠰᠢᠶᠠᠨ ᠳᠤ ᠴᠥᠮ ᠡᠯᠪᠡᠭ | ᠪᠠᠶᠠᠯᠢᠭ ᠪᠥᠭᠡᠳ ᠭᠦᠨ ᠭᠦᠨᠵᠡᠭᠡᠶ ᠠᠭᠤᠯᠤᠭᠳᠠᠬᠤᠨ ᠲᠠᠢ ᠶᠤᠮ᠃ ᠦᠴᠤᠸᠠᠨ ᠰᠢᠶᠠᠨ ᠤᠤᠯ ᠠᠴᠠ ᠪᠠᠨ | ︽ᠤᠮᠠᠷᠠᠲᠤ ᠸᠧᠶ ᠤᠯᠤᠰ ᠤᠨ ᠴᠢᠬᠤᠯᠠ ᠪᠠᠯᠭᠠᠰᠤ᠂ ᠰᠦᠶ ᠤᠯᠤᠰ ᠲᠠᠩ ᠤᠯᠤᠰ ᠤᠨ ᠥᠯᠥᠭᠡᠶ︾ ᠭᠡᠰᠡᠨ | ᠠᠯᠳᠠᠷᠲᠠᠶ᠂ ᠶᠠᠫᠣᠨ ᠢ ᠡᠰᠡᠷᠭᠦᠴᠡᠬᠦ ᠳᠠᠶᠢᠨ ᠤ ᠦᠶ᠎ᠡ ᠳᠤ᠂ ᠨᠠᠢᠮᠠᠳᠤᠭᠠᠷ ᠵᠠᠮ ᠤᠨ ᠴᠡᠷᠢᠭ ᠤᠨ ᠳᠠᠯᠠᠨ ᠬᠠᠷ᠎ᠠ | ᠠᠭᠤᠯᠠ ᠶᠢᠨ ᠰᠠᠯᠪᠤᠷᠢ ᠠᠩᠭᠢ ᠦᠴᠤᠸᠠᠨ ᠢᠶᠠᠷ ᠲᠥᠪ ᠪᠣᠯᠭᠠᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ | ᠭᠠᠵᠠᠷ ᠪᠠᠶᠢᠭᠤᠯᠵᠤ᠂ ᠲᠦᠢᠯ ᠤᠨ ᠬᠠᠲᠠᠭᠤᠵᠢᠯᠲᠠᠶ ᠵᠡᠪᠰᠡᠭᠲᠦ ᠲᠡᠮᠡᠴᠡᠯ ᠢ ᠥᠷᠨᠢᠭᠦᠯᠦᠭᠰᠡᠨ ᠪᠠᠶᠢᠨ᠎ᠠ᠃ ᠴᠢᠨ | ᠤᠯᠤᠰ ᠬᠠᠨ ᠤᠯᠤᠰ ᠤᠨ ᠣᠷᠳᠣ ᠴᠠᠭᠠᠨ ᠬᠡᠷᠡᠮ᠂ ᠶᠢᠨ ᠵᠠᠨ ᠬᠤᠤ ᠣᠷᠳᠣ ᠴᠠᠭᠠᠨ ᠬᠡᠷᠡᠮ᠂ ᠤᠮᠠᠷᠠᠲᠤ ᠸᠧᠶ | ᠤᠯᠤᠰ ᠤᠨ ᠣᠷᠳᠣ ᠴᠠᠭᠠᠨ ᠬᠡᠷᠡᠮ ᠬᠢᠯᠢ ᠶᠢᠨ ᠳᠣᠲᠣᠷ᠎ᠠ 270 ᠭᠠᠷᠤᠶ ᠺᠢᠯᠣᠮᠧᠲᠷ ᠦᠷᠭᠦᠯᠵᠢᠯᠡᠵᠡᠶ᠃ ᠣᠩᠭᠤᠨ | ᠳᠠᠪᠠᠭᠠᠨ ᠣᠷᠣᠢ ᠳᠠᠬᠢ ᠤᠮᠠᠷᠠᠲᠤ ᠸᠧᠢ ᠤᠯᠤᠰ ᠤᠨ ᠲᠠᠬᠢᠯᠭ᠎ᠠ ᠶᠢᠨ ᠪᠠᠷᠢᠯᠭ᠎ᠠ ᠶᠢᠨ ᠪᠠᠭᠤᠷᠢ᠂ ᠮᠤᠨᠢ ᠠᠭᠤᠯᠠ ᠶᠢᠨ | ᠴᠠᠭᠠᠨ ᠵᠠᠮ ᠵᠡᠷᠭᠡ ᠬᠥᠮᠦᠨ ᠰᠣᠶᠣᠯ ᠤᠨ ᠦᠵᠡᠮᠵᠢ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡ ᠶᠢ ᠭᠡᠷᠡᠴᠢᠯᠡᠵᠡᠢ᠃ | | | | | ᠦᠴᠤᠸᠠᠨ ᠰᠢᠶᠠᠨ ᠤ ︽ᠤᠮᠠᠷᠠᠲᠤ ᠬᠢᠯᠢ ᠶᠢᠨ ᠰᠣᠶᠣᠯ︾ ᠤᠨ ᠵᠣᠬᠢᠶᠠᠨ ᠪᠦᠲᠦᠭᠡᠬᠦ ᠰᠤᠳᠤᠯᠭᠠᠨ ᠤ ᠲᠥᠪ | ᠪᠠᠶᠢᠭᠤᠯᠤᠭᠳᠠᠭᠰᠠᠨ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ | ᠵᠢᠯᠤᠭᠤᠳᠤᠯᠭ᠎ᠠ ᠪᠣᠯᠭᠠᠵᠤ᠂ ᠦᠴᠤᠸᠠᠨ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ ᠠᠭᠤᠯᠬᠤᠨ ᠢ | ᠭᠦᠨᠵᠡᠭᠡᠢ ᠠᠭᠤᠳᠠᠯᠵᠤ᠂ ᠦᠴᠤᠸᠠᠨ ᠰᠢᠶᠠᠨ ᠤ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭᠲᠦ ᠶᠢᠨ | ᠪᠠᠶᠢᠭᠤᠯᠤᠯᠲᠠ ᠶᠢ ᠠᠬᠢᠭᠤᠯᠬᠤ ᠪᠠᠷ ᠵᠣᠷᠢᠯᠭ᠎ᠠ ᠪᠣᠯᠭᠠᠭᠰᠠᠨ ᠶᠤᠮ᠃ | ᠬᠤᠷᠠᠯ ᠤᠨ ᠳᠠᠷᠠᠭ᠎ᠠ᠂ ︽ᠤᠮᠠᠷᠠᠲᠤ ᠬᠢᠯᠢ ᠶᠢᠨ ᠰᠣᠶᠣᠯ ᠦᠴᠤᠸᠠᠨ ᠤ ᠢᠮ ᠲᠡᠮᠳᠡᠭ︾ ᠢ ᠰᠤᠷᠤᠯᠴᠠᠬᠤ | ᠬᠢᠴᠢᠶᠡᠯ ᠤᠨ ᠲᠠᠩᠬᠢᠮ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠯᠠᠭᠤ ᠰᠣᠶᠣᠯ ᠤᠨ ᠡᠷᠳᠡᠮᠲᠡᠨ ᠵᠤᠤ ᠽᠢ | ᠶᠠᠩ ᠢ ᠲᠤᠰᠬᠠᠶᠢᠯᠠᠨ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ᠲᠠᠶᠢᠯᠤᠮᠵᠢ ᠨᠢ ᠦᠴᠤᠸᠠᠨ ᠰᠢᠶᠠᠨ ᠤ | ᠤᠮᠠᠷᠠᠲᠤ ᠬᠢᠯᠢ ᠶᠢᠨ ᠰᠣᠶᠣᠯ ᠤᠨ ᠲᠡᠦᠬᠡᠨ ᠰᠤᠳᠠᠰᠤ ᠶᠢ ᠡᠮᠬᠢᠳᠬᠡᠨ ᠲᠠᠶᠢᠯᠪᠤᠷᠢᠯᠠᠵᠤ᠂ ︽ᠤᠮᠠᠷᠠᠲᠤ ᠬᠢᠯᠢ ᠶᠢᠨ | ᠰᠣᠶᠣᠯ︾ ᠤᠨ ᠲᠦᠷᠦᠯ ᠲᠡᠮᠳᠡᠭᠲᠦ ᠶᠢ ᠡᠭᠦᠳᠴᠦ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠬᠥᠭᠵᠢᠭᠦᠯᠬᠦ ᠳᠤ ᠬᠠᠷᠠᠭ᠎ᠠ ᠰᠡᠳᠬᠢᠴᠡ ᠶᠢ ᠥᠷᠭᠡᠳᠬᠡᠵᠦ᠂ ᠠᠷᠭ᠎ᠠ ᠵᠠᠮ ᠢ ᠪᠠᠶᠠᠯᠢᠭᠵᠢᠭᠤᠯᠪᠠ᠂ ᠦᠴᠤᠸᠠᠨ | ᠰᠢᠶᠠᠨ ᠤ ᠤᠬᠠᠭᠤᠯᠬᠤ ᠰᠢᠰᠲ᠋ᠧᠮ ᠤᠨ ᠪᠦᠬᠦ ᠺᠠᠳ᠋ᠷᠴᠤᠳ ᠲᠠᠶᠢᠯᠤᠮᠵᠢ ᠶᠢ ᠰᠣᠨᠣᠰᠴᠠᠢ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |