ᠮᠠᠨ ᠤ ᠤᠯᠤᠰ ᠤᠨ 300 ᠭᠠᠷᠤᠢ ᠲᠡᠷᠢᠭᠦᠨ ᠤ ᠲᠠᠷᠢᠶᠠᠯᠠᠩ ᠤᠨ ᠮᠡᠷᠭᠡᠵᠢᠯ ᠠᠹᠷᠢᠺᠠ ᠲᠢᠪ ᠤᠨ 100 ᠭᠠᠷᠤᠢ ᠲᠦᠮᠡᠨ ᠲᠠᠷᠢᠶᠠᠴᠢᠨ ᠡᠷᠦᠭᠡ ᠳᠤ ᠠᠰᠢᠭ ᠬᠦᠷᠲᠡᠭᠡᠪ᠊6
ᠨᠡᠶᠢᠲᠡᠯᠡᠭᠰᠡᠨ ᠴᠠᠭ᠄
2023/11/17
     ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠰᠠᠶᠢᠳ ᠲᠠᠩ ᠷᠧᠨ ᠵᠢᠶᠠᠨ 14 ᠤ ᠡᠳᠦᠷ ᠰᠠᠨᠶᠠ ᠳᠤ ᠶᠠᠪᠤᠭᠳᠠᠭᠰᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠡᠭᠡᠷ᠎ᠡ᠂ ᠠᠷᠪᠠᠨ ᠵᠢᠯ ᠤᠨ ᠲᠤᠷᠰᠢ᠂ ᠮᠠᠨ ᠤ ᠤᠯᠤᠰ ᠠᠹᠷᠢᠺᠠ ᠲᠢᠪ ᠲᠤ ᠨᠢᠭᠡᠨᠲᠡ 24 ᠲᠠᠷᠢᠶᠠᠯᠠᠩ ᠤᠨ ᠮᠡᠷᠭᠡᠵᠢᠯ ᠤᠨ ᠵᠢᠱᠢᠶ᠎ᠡ ᠦᠵᠡᠭᠦᠯᠭᠦ ᠲᠥᠪ ᠢ ᠪᠠᠶᠢᠭᠤᠯᠵᠤ᠂ ᠡᠷᠳᠡᠨᠢ ᠰᠢᠰᠢ ᠶᠢ ᠨᠢᠭᠲᠠ ᠲᠠᠷᠢᠬᠤ᠂ ᠢᠳᠡᠰᠢᠨ ᠨᠣᠭᠤᠭ᠎ᠠ ᠶᠢᠨ ᠲᠥᠬᠦᠭᠡᠷᠦᠮᠵᠢ ᠳᠤ ᠲᠠᠷᠢᠬᠤ᠂ ᠮᠣᠳᠣᠨ ᠲᠥᠮᠥᠰᠥ ᠶᠢ ᠲᠦᠷᠭᠡᠨ ᠦᠷᠡᠵᠢᠭᠦᠯᠦᠨ ᠪᠣᠶᠢᠵᠢᠭᠤᠯᠬᠤ ᠵᠡᠷᠭᠡ 300 ᠭᠠᠷᠤᠢ ᠵᠦᠢᠯ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠵᠦ᠂ ᠲᠤᠬᠠᠢ ᠶᠢᠨ ᠭᠠᠵᠠᠷ ᠤᠨ ᠲᠠᠷᠢᠮᠠᠯ ᠤᠨ ᠵᠦᠢᠯ ᠤᠨ ᠤᠨᠠᠯᠲᠠ ᠶᠢ ᠳᠤᠮᠳᠠᠴᠢ ᠪᠠᠷ 30% ᠠᠴᠠ 60% ᠪᠠᠷ ᠨᠡᠮᠡᠭᠳᠡᠭᠦᠯᠵᠦ᠂ ᠠᠹᠷᠢᠺᠠ ᠲᠢᠪ ᠤᠨ ᠤᠯᠤᠰ ᠤᠨ100 ᠭᠠᠷᠤᠢ ᠲᠦᠮᠡᠨ ᠲᠠᠷᠢᠶᠠᠴᠢᠨ ᠡᠷᠦᠭᠡ ᠳᠤ ᠠᠰᠢᠭ ᠬᠦᠷᠲᠡᠭᠡᠵᠡᠢ ᠭᠡᠵᠦ ᠢᠯᠡᠳᠬᠡᠪᠡ᠃      ᠲᠠᠩ ᠷᠧᠨ ᠵᠢᠶᠠᠨ ᠪᠠᠰᠠ᠂ ᠳᠤᠮᠳᠠᠳᠤ ᠠᠹᠷᠢᠺᠠ ᠶᠢᠨ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠠᠷᠪᠠᠨ ᠵᠢᠯ ᠤᠨ ᠲᠤᠷᠰᠢ᠂ ᠮᠠᠨ ᠤ ᠤᠯᠤᠰ ᠠᠹᠷᠢᠺᠠ ᠲᠢᠪ ᠤᠨ 19 ᠤᠯᠤᠰ ᠵᠢᠴᠢ ᠠᠹᠷᠢᠺᠠ ᠲᠢᠪ ᠤᠨ ᠤᠯᠤᠰ  ᠤᠳ ᠤᠨ ᠬᠤᠯᠪᠤᠭ᠎ᠠ᠂ ᠠᠹᠷᠢᠺᠠ ᠲᠢᠪ ᠤᠨ ᠪᠣᠬᠢᠷᠳᠤᠯ ᠦᠭᠡᠢ ᠬᠤᠪᠢᠰᠬᠠᠯ ᠤᠨ ᠬᠤᠯᠪᠤᠭ᠎ᠠ ᠲᠠᠢ ᠤᠷᠢᠳ ᠬᠤᠵᠢᠳ 34 ᠬᠤᠪᠢ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠠᠮᠤ ᠪᠤᠳᠠᠭᠠᠨ ᠤ ᠠᠮᠤᠷ ᠲᠦᠪᠰᠢᠨ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ᠂ ᠬᠥᠳᠡᠭᠡ ᠠᠵᠤ ᠠᠬᠤᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠦᠷᠭᠦᠯᠵᠢᠯᠡᠨ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃ ᠡᠭᠦᠨ ᠠᠴᠠ ᠭᠠᠳᠠᠨ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠠᠹᠷᠢᠺᠠ ᠲᠢᠪ ᠲᠤ 400 ᠭᠠᠷᠤᠢ ᠬᠥᠮᠥᠨ ᠤᠳᠠᠭ᠎ᠠ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠢ ᠲᠣᠮᠢᠯᠠᠭᠰᠠᠨ ᠪᠥᠭᠡᠳ ᠠᠹᠷᠢᠺᠠ ᠲᠢᠪ ᠤᠨ ᠲᠠᠯ᠎ᠠ ᠳᠤ ᠬᠠᠮᠢᠶᠠᠷᠤᠯᠲᠠ ᠵᠢᠴᠢ ᠮᠡᠷᠭᠡᠵᠢᠯ ᠤᠨ ᠠᠵᠢᠯᠲᠠᠨ ᠢ ᠨᠡᠶᠢᠳᠡ 1 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠵᠠᠢ ᠭᠡᠵᠦ ᠢᠯᠡᠳᠬᠡᠪᠡ᠃      ᠣᠶᠢᠯᠠᠭᠠᠭᠰᠠᠨ ᠢᠶᠠᠷ᠂ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠳᠡᠮᠵᠢᠬᠦ ᠶᠢᠨ ᠲᠥᠯᠥᠭᠡ᠂ ᠮᠠᠨ ᠤ ᠤᠯᠤᠰ ᠠᠹᠷᠢᠺᠠ ᠲᠢᠪ ᠤᠨ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠲᠠᠷᠢᠶᠠᠴᠢᠳ ᠲᠤ ᠠᠰᠢᠭ ᠬᠦᠷᠲᠡᠭᠡᠬᠦ ᠵᠢᠱᠢᠶ᠎ᠡ ᠦᠵᠡᠭᠦᠯᠭᠦ ᠲᠦᠷᠦᠯ ᠵᠦᠢᠯ ᠢ ᠬᠡᠷᠡᠭᠵᠢᠭᠦᠯᠦᠨ᠎ᠡ᠃ ᠲᠠᠩ ᠷᠧᠨ ᠵᠢᠶᠠᠨ᠂ ᠮᠠᠨ ᠤ ᠤᠯᠤᠰ ᠵᠠᠯᠭᠠᠭᠠᠳ ᠠᠹᠷᠢᠺᠠ ᠲᠢᠪ ᠤᠨ ᠤᠯᠤᠰ ᠤᠳ ᠢ ᠬᠠᠪᠰᠤᠷᠤᠨ ᠰᠠᠶᠢᠨ ᠡᠭᠦᠯᠳᠡᠷ ᠰᠠᠶᠢᠨ ᠠᠷᠭ᠎ᠠ ᠶᠢ ᠳᠡᠯᠭᠡᠷᠡᠭᠦᠯᠵᠦ᠂ ᠮᠧᠬᠠᠨᠢᠭᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠤᠣᠯ ᠪᠤᠯᠬᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠲᠦᠷᠭᠡᠨ ᠳᠡᠭᠡᠭᠰᠢᠯᠡᠭᠦᠯᠭᠦ ᠪᠠᠷ ᠲᠥᠯᠥᠪᠯᠡᠵᠦ ᠪᠠᠶᠢᠨ᠎ᠠ᠃ ᠡᠭᠦᠨ ᠤ ᠵᠡᠷᠭᠡ ᠪᠠᠷ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠨ᠎ᠡ᠃ ᠡᠭᠦᠨ ᠠᠴᠠ ᠭᠠᠳᠠᠨ᠎ᠠ᠂ ᠮᠠᠨ ᠤ ᠤᠯᠤᠰ ᠪᠠᠰᠠ ᠠᠹᠷᠢᠺᠠ ᠲᠢᠪ ᠲᠤ ᠨᠠᠩ ᠣᠯᠠᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠵᠤ᠂ ᠠᠹᠷᠢᠺᠠ ᠲᠢᠪ ᠤᠨ ᠤᠯᠤᠰ ᠤᠳ ᠤᠨ ︽ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠪᠣᠬᠢᠷᠳᠤᠯ ᠦᠭᠡᠢ ᠬᠥᠭᠵᠢᠯᠲᠡ ᠶᠢᠨ ᠪᠦᠭᠦ ᠪᠥᠮᠪᠥᠷᠴᠡᠭ ᠤᠨ ᠠᠵᠢᠯᠯᠠᠭ᠎ᠠ︾ ᠶᠢ ᠬᠡᠷᠡᠭᠵᠢᠭᠦᠯᠬᠦ ᠶᠢ ᠳᠡᠮᠵᠢᠵᠦ᠂ ᠨᠠᠩ ᠣᠯᠠᠨ ᠲᠠᠷᠢᠶᠠᠴᠢᠳ ᠢ ᠳᠠᠶᠢᠴᠢᠯᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠣᠷᠣᠯᠭ᠎ᠠ ᠶᠢ ᠨᠢ ᠨᠡᠮᠡᠭᠳᠡᠭᠦᠯᠦᠨ᠎ᠡ ᠭᠡᠵᠦ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号