2023 ᠣᠨ ᠳᠤ ᠦᠴᠤᠸᠠᠨ ᠰᠢᠶᠠᠨ ᠤ ᠡᠮ ᠤᠨ ᠤᠬᠠᠭᠠᠨ ᠤ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠬᠤ ᠬᠢᠷᠢ ᠬᠡᠮ ᠲᠠᠢ ᠬᠥᠮᠦᠰ ᠤᠨ ᠵᠠᠷᠯᠠᠯ
ᠨᠡᠶᠢᠲᠡᠯᠡᠭᠰᠡᠨ ᠴᠠᠭ᠄
2023/11/2
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠢᠷᠢᠰ ᠡᠮ ᠤᠨ ᠤᠬᠠᠭᠠᠨ ᠤ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠢ ᠬᠢᠨᠠᠨ ᠲᠣᠭᠲᠠᠭᠠᠬᠤ ᠨᠥᠬᠦᠴᠡᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠪᠠ ︽2023 ᠣᠨ ᠤ ᠪᠥᠬᠦ ᠬᠤᠲᠠ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2023﹈ 79 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠴᠤᠸᠠᠨ ᠰᠢᠶᠠᠨ 2023 ᠣᠨ ᠤ ᠡᠮ ᠤᠨ ᠤᠬᠠᠭᠠᠨ ᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠬᠤ ᠮᠠᠲ᠋ᠧᠷᠢᠶᠠᠯ ᠢ ᠭᠥᠯᠢᠶᠡᠨ ᠠᠪᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠣᠲᠣ 2023 ᠣᠨ ᠤ ᠡᠮ ᠤᠨ ᠤᠬᠠᠭᠠᠨ ᠤ ᠲᠤᠰᠬᠠᠶ ᠮᠡᠷᠭᠡᠵᠢᠯ ᠤᠨ ᠠᠵᠢᠯᠲᠠᠨ ᠤ ᠨᠡᠷᠡᠰ ᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 11 ᠰᠠᠷ᠎ᠠ ᠶᠢᠨ 2 ᠤᠨ ᠡᠳᠦᠷ ᠠᠴᠠ 2023 ᠣᠨ ᠤ 11 ᠰᠠᠷ᠎ᠠ ᠶᠢᠨ 8 ᠤ ᠡᠳᠦᠷ ᠪᠣᠯᠤᠨ᠎ᠠ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠤ ᠰᠠᠨᠠᠯ ᠲᠠᠢ ᠪᠣᠯ ᠤᠲᠠᠰᠤ ᠢᠷᠡᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠮᠠᠶ᠋ᠢᠭ ᠢᠶᠠᠷ ᠦᠴᠤᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠦᠨᠡᠨ ᠪᠣᠳᠠᠲᠠᠶ ᠦᠨᠳᠦᠰᠦ ᠪᠠᠷᠢᠮᠲᠠ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠨ ᠲᠠᠷᠠᠭᠠᠴᠢ ᠶᠢᠨ ᠠᠯᠬᠤᠮ ᠳᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠲᠦᠭᠦᠮ ᠦᠵᠡᠭᠦᠯᠦᠨ᠎ᠡ᠃      ᠢᠯᠡᠴᠢᠯᠡᠨ ᠮᠡᠳᠡᠭᠦᠯᠬᠦ ᠤᠲᠠᠰᠤ᠄ 8850366      ᠳᠠᠭᠠᠯᠳᠤᠭᠤᠯᠤᠯ᠄ 2023 ᠣᠨ ᠳᠤ ᠡᠮ ᠤᠨ ᠤᠬᠠᠭᠠᠨ ᠤ ᠲᠤᠰᠬᠠᠶ ᠮᠡᠷᠭᠡᠵᠢᠯ ᠤᠨ ᠬᠢᠷᠢ ᠬᠡᠮ ᠢ                             ᠭᠤᠶᠤᠴᠢᠯᠠᠨ ᠮᠡᠳᠡᠭᠦᠯᠬᠦ ᠨᠡᠷᠡᠰ ᠤᠨ ᠪᠦᠷᠢᠳᠬᠡᠯ                                ᠦᠴᠤᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ                                       ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                     2023 ᠣᠨ ᠤ 11 ᠰᠠᠷ᠎ᠠ ᠶᠢᠨ 2 ᠤᠨ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号