ᠮᠠᠨ ᠤ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠤᠯᠠᠭᠤᠯᠭ᠎ᠠ ᠶᠢᠨ ᠨᠣᠷᠮ᠎ᠠ 98.8% ᠳᠤ ᠬᠦᠷᠴᠡᠢ
ᠨᠡᠶᠢᠲᠡᠯᠡᠭᠰᠡᠨ ᠴᠠᠭ᠄
2023/11/2
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠨ ᠬᠤᠷᠠᠯᠳᠤᠭᠤᠯᠤᠭᠰᠠᠨ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ  ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠤᠯᠠᠭᠤᠯᠭ᠎ᠠ ᠶᠢᠨ ᠨᠣᠷᠮ᠎ᠠ 98.8% ᠳᠤ ᠬᠦᠷᠴᠦ᠂  4 ᠰᠠᠷ᠎ᠠ ᠳᠠᠷᠠᠭᠠᠯᠠᠨ 98% ‌ ᠶᠢ ᠳᠠᠪᠠᠵᠠᠢ᠃      ᠲᠦᠷᠦᠭᠦᠦ ᠭᠤᠷᠪᠠᠨ ᠤᠯᠠᠷᠢᠯ ᠳᠤ᠂ ᠪᠦᠭᠦ ᠣᠷᠣᠨ ᠤ ᠤᠯᠠᠮᠵᠢᠯᠠᠯᠲᠤ ᠠᠵᠤ ᠦᠢᠯᠡᠰ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠨᠧᠷᠭᠢ ᠶᠢᠨ ᠠᠵᠤ ᠦᠢᠯᠡᠳᠪᠦᠷᠢ ᠶᠢᠨ ᠪᠦᠭᠦ ᠣᠷᠣᠨ  ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠭᠦ ᠬᠤᠪᠢ ᠨᠡᠮᠡᠷᠢ 40% ᠰᠢᠬᠠᠮ ᠳᠤ ᠬᠦᠷᠴᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠦᠭᠦᠬᠡᠢ ᠨᠡᠭᠦᠷᠡᠰᠦᠨ ᠤ ᠭᠠᠷᠤᠯᠲᠠ 8.98 ᠳ᠋ᠦᠩᠰᠢᠭᠤᠷ ᠲᠣᠨ ᠳᠤ ᠬᠦᠷᠴᠦ᠂ ᠦᠷᠭᠦᠯᠵᠢᠯᠡᠨ ᠪᠦᠭᠦ ᠤᠯᠤᠰ ᠤᠨ ᠬᠤᠶᠠᠳᠤᠭᠠᠷ ᠲᠤ ᠵᠢᠭᠰᠠᠵᠤ᠂ ᠡᠳᠦᠷ ᠳᠤᠮᠳᠠᠴᠢ ᠶᠢᠨ ᠭᠠᠷᠤᠯᠲᠠ 300 ᠲᠦᠮᠡᠨ ᠲᠣᠨ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠭᠢᠯᠭᠠᠨ ᠭᠠᠷᠭᠠᠭᠰᠠᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠵᠦ᠂ 6 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠲᠤᠯᠠᠵᠠᠢ᠃ ᠡᠭᠦᠨ ᠤ ᠬᠠᠮᠲᠤ᠂ ᠪᠦᠭᠦ ᠣᠷᠣᠨ  ᠤ ᠠᠵᠤ ᠦᠢᠯᠡᠰ ᠤᠨ ᠳᠡᠰ ᠳᠡᠪᠰᠢᠨ ᠬᠥᠭᠵᠢᠬᠦ ᠶᠢ ᠳᠠᠭᠠᠯᠳᠤᠨ ᠮᠡᠷᠭᠡᠵᠢᠯ ᠤᠨ ᠠᠭᠤᠯᠤᠭᠳᠠᠴᠠ ᠪᠠᠷ ᠬᠠᠷᠢᠴᠠᠩᠭᠤᠢ ᠥᠨᠳᠥᠷ᠂ ᠨᠡᠮᠡᠯᠲᠡ ᠥᠷᠲᠡᠭ ᠢᠶᠠᠷ ᠬᠠᠷᠢᠴᠠᠩᠭᠤᠢ ᠥᠨᠳᠥᠷ ᠳᠡᠭᠡᠳᠦ ᠲᠠᠰ ᠤᠨ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠮᠠᠨ ᠤ ᠣᠷᠣᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠤᠵᠠᠭᠠᠶᠢᠷᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 31.4% ᠪᠠᠷ ᠨᠡᠮᠡᠭᠳᠡᠵᠦ᠂ ᠺᠤᠮᠫᠢᠦ᠋ᠲ᠋ᠧᠷ᠂ ᠴᠢᠮᠡᠭᠡ ᠬᠤᠯᠪᠤᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠦᠷᠳᠡᠭ 12.4% ᠪᠠᠷ ᠨᠡᠮᠡᠭᠳᠡᠪᠡ; ᠬᠢᠮᠢ ᠶᠢᠨ ᠡᠮ ᠤᠨ ᠵᠦᠢᠯ ᠤᠨ ᠲᠦᠭᠦᠬᠡᠢ ᠮᠠᠲ᠋ᠧᠷᠢᠶᠠᠯ᠂ ᠡᠯᠧᠺᠲᠷᠣᠨ ᠰᠡᠯᠪᠢᠭ ᠲᠤᠨᠤᠭ ᠵᠡᠷᠭᠡ ᠳᠡᠭᠡᠳᠦ ᠮᠡᠷᠭᠡᠵᠢᠯ ᠤᠨ ᠦᠢᠯᠡᠳᠬᠦᠨ ᠤ ᠭᠠᠷᠤᠯᠲᠠ ᠲᠣᠰ ᠲᠣᠰ 26% ᠪᠠ 46.8% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号