ᠠᠩᠬᠠᠳᠤᠭᠠᠷ ᠬᠤᠭᠤᠴᠠᠭᠠᠨ ᠤ ᠪᠦᠭᠦ ᠤᠯᠤᠰ ᠤᠨ ᠰᠢᠷ᠎ᠠ ᠪᠤᠷᠴᠠᠭ ᠤᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ 11 ᠰᠠᠷ᠎ᠠ ᠶᠢᠨ ᠳᠤᠮᠳᠠᠴᠢ ᠪᠠᠷ ᠶᠠᠪᠤᠭᠳᠠᠨ᠎ᠠ
ᠨᠡᠶᠢᠲᠡᠯᠡᠭᠰᠡᠨ ᠴᠠᠭ᠄
2023/11/2
     ᠠᠩᠬᠠᠳᠤᠭᠠᠷ ᠬᠤᠭᠤᠴᠠᠭᠠᠨ ᠤ ᠪᠦᠭᠦ ᠤᠯᠤᠰ ᠤᠨ ᠰᠢᠷ᠎ᠠ ᠪᠤᠷᠴᠠᠭ ᠤᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ 11 ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ ᠶᠠᠪᠤᠭᠳᠠᠬᠤ ᠪᠣᠯᠣᠨ᠎ᠠ᠃ ᠲᠤᠰ ᠦᠵᠡᠰᠭᠦᠯᠡᠩ ᠤᠨ ᠴᠤᠭᠯᠠᠭᠠᠨ ᠨᠢ ᠦᠢᠯᠡᠳᠪᠦᠷᠢᠯᠡᠬᠦ᠂ ᠡᠳ᠋ᠰᠢᠭᠦᠯᠬᠦ᠂ ᠡᠵᠡᠩᠨᠡᠨ ᠪᠣᠷᠣᠯᠠᠭᠤᠯᠬᠤ᠂ ᠬᠤᠳᠠᠯᠳᠤᠨ ᠠᠪᠴᠤ ᠨᠥᠭᠡᠴᠡᠯᠡᠬᠦ᠂ ᠬᠡᠷᠡᠭᠯᠡᠭᠡ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠣᠯᠠᠨ ᠰᠢᠷᠢᠰ ᠠᠵᠢᠯᠯᠠᠭ᠎ᠠ ᠶᠢ ᠡᠷᠭᠢᠯᠡᠵᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠯᠣᠨ᠎ᠠ᠃      ᠰᠤᠷᠪᠤᠯᠵᠢᠯᠠᠬᠴᠢ 30 ᠤ ᠡᠳᠦᠷ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ  ︽ᠰᠢᠷ᠎ᠠ ᠪᠤᠷᠴᠠᠭ ᠤᠨ ᠪᠦᠭᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ︾ ᠪᠠᠷ ᠭᠤᠣᠯ ᠰᠡᠳᠦᠪ ᠪᠤᠯᠭᠠᠵᠤ᠂ ᠡᠷᠬᠡ ᠰᠦᠷᠲᠦ ᠨᠡᠶᠢᠲᠡᠯᠡᠯ᠂ ᠲᠤᠰᠬᠠᠢ ᠰᠡᠳᠦᠪᠲᠦ ᠮᠡᠳᠡᠭᠦᠯᠦᠯᠲᠡ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ᠂ ᠪᠦᠲᠦᠭᠡᠭᠳᠡᠬᠦᠨ ᠤ ᠦᠵᠡᠭᠦᠯᠭᠡ ᠵᠡᠷᠭᠡ ᠠᠵᠢᠯᠯᠠᠭ᠎ᠠ ᠶᠢ ᠡᠷᠭᠢᠯᠡᠵᠦ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠡᠵᠡᠩᠨᠡᠯᠲᠡ ᠶᠢᠨ ᠪᠠᠶᠢᠳᠠᠯ ᠢ ᠲᠠᠨᠢᠯᠴᠠᠭᠤᠯᠵᠤ᠂ ᠳᠥᠷᠪᠡᠨ ᠲᠠᠯ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠄      - ᠰᠢᠷ᠎ᠠ ᠪᠤᠷᠴᠠᠭ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠠᠭᠪᠤᠷ ᠤᠨ ᠵᠢᠷᠤᠭ ᠲᠥᠯᠥᠪᠯᠡᠭᠡ᠂ ᠰᠢᠷ᠎ᠠ ᠪᠤᠷᠴᠠᠭ ᠤᠨ ᠠᠵᠤ ᠦᠢᠯᠡᠰ ᠢ ᠳᠡᠮᠵᠢᠬᠦ ᠲᠥᠷᠦ ᠶᠢᠨ ᠪᠣᠳᠣᠯᠭ᠎ᠠ ᠶᠢ ᠨᠡᠶᠢᠲᠡᠯᠡᠬᠦ ᠪᠠᠷ ᠳᠠᠮᠵᠢᠭᠤᠯᠵᠤ᠂ ᠰᠢᠷ᠎ᠠ ᠪᠤᠷᠴᠠᠭ ᠲᠠᠷᠢᠬᠤ᠂ ᠡᠳ᠋ᠰᠢᠭᠦᠯᠬᠦ᠂ ᠪᠣᠷᠣᠯᠠᠭᠤᠯᠬᠤ᠂ ᠬᠡᠷᠡᠭᠯᠡᠭᠡ ᠵᠡᠷᠭᠡ ᠶᠢᠨ ᠢᠲᠡᠭᠡᠯ ᠵᠣᠷᠢᠭ ᠢ ᠬᠥᠪᠴᠢᠯᠡᠵᠦ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠠᠷᠢᠶᠠᠴᠢᠳ ᠤᠨ ᠢᠳᠡᠪᠬᠢᠵᠢᠯ ᠢ ᠳᠠᠶᠢᠴᠢᠯᠠᠵᠤ᠂ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠦᠨ᠎ᠡ᠃      - ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠤᠨ᠎ᠠ᠃ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠵᠤ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠨᠢᠭᠡ ᠪᠦᠯᠦᠭ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠬᠢᠷᠠᠯᠴᠠᠨ᠎ᠠ᠃      -  ᠡᠳ᠋ᠰᠢᠭᠦᠯᠦᠨ ᠣᠨᠳᠣᠣᠰᠢᠭᠤᠯᠬᠤ ᠶᠢ ᠠᠬᠢᠭᠤᠯᠤᠨ᠎ᠠ᠃ ᠰᠢᠷ᠎ᠠ ᠪᠤᠷᠴᠠᠭ ᠡᠳ᠋ᠰᠢᠭᠦᠯᠬᠦ‍ ᠨᠢᠭᠡ ᠪᠦᠯᠦᠭ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠡᠵᠡᠩᠨᠡᠯᠲᠡ ᠶᠢᠨ ᠪᠠᠶᠢᠳᠠᠯ ᠢ ᠳᠡᠯᠭᠡᠨ ᠦᠵᠡᠭᠦᠯᠵᠦ ᠲᠠᠨᠢᠯᠴᠠᠭᠤᠯᠬᠤ ᠪᠠᠷ ᠳᠠᠮᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ  ᠡᠳ᠋ᠰᠢᠭᠦᠯᠦᠨ ᠣᠨᠳᠣᠣᠰᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠨᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠨᠢ ᠳᠡᠭᠡᠭᠰᠢᠯᠡᠭᠦᠯᠦᠨ᠎ᠡ᠃      -  ᠵᠦᠢ ᠵᠣᠬᠢᠰᠲᠠᠢ ᠪᠠᠶᠢᠷᠢᠰᠢᠭᠤᠯᠤᠯᠲᠠ ᠶᠢ ᠠᠬᠢᠭᠤᠯᠤᠨ᠎ᠠ᠃ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢᠨ ᠵᠢᠷᠤᠭ᠂ ᠬᠡᠷᠡᠭᠯᠡᠭᠡ ᠶᠢ ᠬᠥᠲᠥᠯᠥᠨ ᠵᠢᠯᠤᠭᠤᠳᠬᠤ ᠵᠢᠷᠤᠭ ᠪᠣᠯᠣᠨ ᠭᠤᠣᠯ ᠭᠠᠷᠤᠯᠲᠠ ᠶᠢᠨ ᠰᠢᠶᠠᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠪᠠᠷ ᠳᠠᠮᠵᠢᠭᠤᠯᠵᠤ᠂ ᠲᠣᠮᠣ ᠭᠡᠯᠪᠡᠷᠢ ᠶᠢᠨ ᠡᠳ᠋ᠰᠢᠭᠦᠯᠬᠦ ᠠᠵᠤ ᠠᠬᠤᠶᠢᠯᠠᠯ ᠤᠨ ᠵᠡᠭᠦᠨ ᠬᠤᠶᠢᠲᠤ ᠶᠢᠨ ᠭᠤᠣᠯ ᠭᠠᠷᠤᠯᠲᠠ ᠶᠢᠨ ᠣᠷᠣᠨ ᠳᠤ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠬᠥᠲᠥᠯᠥᠨ ᠵᠢᠯᠤᠭᠤᠳᠴᠤ᠂ ᠰᠢᠷ᠎ᠠ ᠪᠤᠷᠴᠠᠭ ᠤᠨ ᠦᠢᠯᠡᠳᠪᠦᠷᠢᠯᠡᠯ ᠡᠳ᠋ᠰᠢᠭᠦᠯᠦᠯᠲᠡ ᠪᠣᠷᠤᠯᠠᠭᠤᠯᠭ᠎ᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号