ᠪᠦᠭᠦ ᠪᠥᠮᠪᠥᠷᠴᠡᠭ ᠤᠨ ᠵᠠᠯᠠᠭᠤᠴᠤᠳ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢᠨ ᠲᠦᠷᠦᠭᠦᠦ ᠪᠦᠯᠦᠭ ᠤᠨ 100 ᠲᠦᠷᠦᠯ ᠵᠦᠢᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/11/2
     ᠰᠤᠷᠪᠤᠯᠵᠢᠯᠠᠬᠴᠢ 30 ᠤ ᠡᠳᠦᠷ ᠪᠡᠭᠡᠵᠢᠩ ᠳᠤ ᠡᠬᠢᠯᠡᠭᠰᠡᠨ 2023 ᠣᠨ ᠤ ᠳᠡᠯᠡᠬᠡᠢ ᠶᠢᠨ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠠᠴᠠ ᠣᠶᠢᠯᠠᠭᠠᠭᠰᠠᠨ ᠢᠶᠠᠷ᠂ ᠪᠦᠭᠦ ᠪᠥᠮᠪᠥᠷᠴᠡᠭ ᠤᠨ ᠵᠠᠯᠠᠭᠤᠴᠤᠳ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢᠨ ᠲᠦᠷᠦᠭᠦᠦ ᠪᠦᠯᠦᠭ ᠤᠨ 100 ᠨᠡᠶᠢᠲᠡᠯᠢᠭ ᠲᠥᠷᠥᠯ ᠵᠦᠢᠯ ᠢ ᠨᠡᠶᠢᠲᠡᠯᠡᠪᠡ᠃      ᠪᠦᠭᠦ ᠪᠥᠮᠪᠥᠷᠴᠡᠭ ᠤᠨ ᠵᠠᠯᠠᠭᠤᠴᠤᠳ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠳᠤᠮᠳᠠᠳᠤ ᠶᠢᠨ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ᠂ ᠳᠡᠯᠡᠬᠡᠢ ᠶᠢᠨ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠵᠣᠬᠢᠶᠠᠨ ᠪᠠᠶᠢᠭᠤᠯᠬᠤ ᠺᠣᠮᠢᠰ ᠪᠣᠯᠣᠨ ᠡᠯ᠎ᠡ ᠤᠯᠤᠰ ᠤᠨ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ ᠠᠴᠠ ᠬᠠᠮᠲᠤ ᠪᠠᠷ ᠬᠡᠷᠡᠭᠵᠢᠭᠦᠯᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠵᠢᠱᠢᠶ᠎ᠡ ᠦᠵᠡᠭᠦᠯᠭᠦ ᠲᠠᠪᠴᠠᠩ᠂ ᠵᠠᠯᠠᠭᠤᠴᠤᠳ ᠤᠨ ᠬᠤᠰᠢᠭᠤᠴᠢ ᠨᠡᠶᠢᠭᠡᠮᠯᠢᠭ ᠵᠡᠷᠭᠡ ᠶᠢ ᠴᠣᠭᠴᠠᠯᠠᠨ ᠪᠠᠶᠢᠭᠤᠯᠵᠤ᠂ ᠨᠡᠶᠢᠲᠡᠯᠢᠭ ᠲᠦᠷᠦᠯ ᠵᠦᠢᠯ ᠢ ᠰᠢᠯᠢᠨ ᠰᠣᠩᠭᠤᠬᠤ ᠪᠠ ᠳᠡᠯᠭᠡᠷᠡᠭᠦᠯᠬᠦ ᠪᠠᠷ ᠳᠠᠮᠵᠢᠨ᠂ ᠲᠦᠷᠦᠯ ᠵᠦᠢᠯ ᠤᠨ ᠵᠠᠯᠠᠭᠤᠴᠤᠳ ᠤᠨ ᠭᠤᠣᠯᠯᠠᠭᠴᠢ ᠬᠦᠴᠦᠨ ᠳᠤ ᠪᠣᠯᠪᠠᠰᠤᠷᠠᠯ ᠬᠦᠷᠲᠡᠭᠡᠨ ᠬᠦᠴᠦᠨ ᠴᠢᠳᠠᠯ ᠣᠯᠭᠤᠵᠤ᠂ ᠳᠤᠮᠳᠠᠳᠤ ᠭᠠᠳᠠᠭᠠᠳᠤ ᠶᠢᠨ ᠵᠠᠯᠠᠭᠤᠴᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠵᠠᠯᠠᠭᠤᠴᠤᠳ ᠤᠨ ᠬᠦᠴᠦᠨ ᠢ ᠨᠢᠭᠲᠠᠷᠠᠭᠤᠯᠬᠤ ᠪᠠᠷ ᠵᠣᠷᠢᠯᠲᠠ ᠪᠠᠨ ᠪᠣᠯᠭᠠᠪᠠ᠃      2022 ᠣᠨ ᠤ ᠳᠣᠣᠷ᠎ᠠ ᠬᠠᠭᠠᠰ ᠵᠢᠯ ᠠᠴᠠ ᠨᠠᠭᠠᠰᠢ᠂ ᠲᠣᠰ ᠠᠵᠢᠯᠯᠠᠭᠠᠨ ᠤ ᠲᠥᠯᠥᠪᠯᠡᠭᠡ ᠨᠢ ᠶᠠᠳᠠᠭᠤ ᠬᠦᠴᠢᠷᠳᠡᠯ ᠢ ᠠᠷᠢᠯᠭᠠᠬᠤ᠂ ᠥᠯᠥᠰᠬᠦᠯᠡᠩ ᠢ ᠠᠷᠢᠯᠭᠠᠬᠤ ᠪᠠ ᠠᠮᠤ ᠪᠤᠳᠠᠭᠠᠨ ᠤ ᠠᠮᠤᠷ ᠲᠦᠪᠰᠢᠨ ᠢ ᠠᠬᠢᠭᠤᠯᠬᠤ᠂ ᠢᠷᠡᠭᠡᠳᠦᠢ ᠳᠤ ᠬᠠᠨᠳᠤᠭᠤᠯᠤᠨ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠬᠤ᠂ ᠠᠭᠤᠷ ᠠᠮᠢᠰᠬᠤᠯ ᠤᠨ ᠠᠵᠢᠯᠯᠠᠭ᠎ᠠ ᠪᠠ ᠪᠣᠬᠢᠷᠳᠤᠯ ᠦᠭᠡᠢ ᠬᠥᠭᠵᠢᠯᠲᠡ᠂ ᠪᠠᠭᠲᠠᠭᠠᠮᠵᠢᠲᠠᠢ ᠪᠠ ᠲᠥᠪ ᠭᠤᠤᠯᠴᠢ ᠪᠦᠬᠦᠢ ᠴᠢᠨᠠᠷ ᠰᠠᠶᠢᠲᠠᠢ ᠰᠤᠷᠭᠠᠨ ᠬᠥᠮᠦᠵᠢᠯ ᠢ ᠠᠬᠢᠭᠤᠯᠬᠤ᠂ ᠵᠠᠯᠠᠭᠤᠴᠤᠳ ᠤᠨ ᠡᠷᠡᠭᠦᠯ ᠮᠡᠨᠳᠦ ᠪᠠ ᠪᠤᠶᠠᠨ ᠵᠢᠷᠭᠠᠯ ᠢ ᠨᠡᠮᠡᠭᠳᠡᠭᠦᠯᠬᠦ᠂ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠵᠡᠷᠭᠡ 7 ᠤᠷᠢᠳ ᠢᠶᠠᠷ ᠪᠣᠳᠣᠯᠬᠢᠯᠠᠬᠤ ᠭᠤᠣᠯ ᠰᠡᠳᠦᠪ ᠤᠨ ᠲᠣᠭᠤᠷᠢᠨ ᠳᠤ᠂ ᠪᠦᠭᠦ ᠳᠡᠯᠡᠬᠡᠢ ᠳᠤ ᠬᠠᠨᠳᠤᠭᠤᠯᠤᠨ ᠲᠦᠷᠦᠭᠦᠦ ᠪᠦᠯᠦᠭ ᠤᠨ 100 ᠨᠡᠶᠢᠲᠡᠯᠢᠭ ᠲᠥᠷᠥᠯ ᠵᠦᠢᠯ ᠢ ᠰᠢᠯᠢᠨ ᠰᠣᠩᠭᠤᠵᠤ᠂ ᠵᠢᠷᠭᠤᠭᠠᠨ ᠶᠡᠭᠡ ᠲᠢᠪ ᠤᠨ 43 ᠤᠯᠤᠰ ᠢ ᠬᠠᠮᠤᠷᠴᠠᠢ᠃ ᠲᠦᠷᠦᠯ ᠵᠦᠢᠯ ᠤᠨ ᠵᠠᠯᠠᠭᠤᠴᠤᠳ ᠤᠨ ᠭᠤᠣᠯᠯᠠᠭᠴᠢ ᠬᠦᠴᠦᠨ ᠤ ᠳᠤᠮᠳᠠᠴᠢ ᠨᠠᠰᠤ ᠨᠢ 29 ᠪᠠᠶᠢᠵᠤ᠂ ᠬᠡᠷᠡᠭᠵᠢᠭᠦᠯᠬᠦ ᠭᠤᠣᠯ ᠴᠣᠭᠴᠠ ᠨᠢ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ᠂ ᠶᠡᠭᠡ ᠳᠡᠭᠡᠳᠦ ᠰᠤᠷᠭᠠᠭᠤᠯᠢ᠂ ᠵᠠᠭᠤᠴᠢᠯᠠᠭᠤᠷ᠂ ᠤᠶᠤᠨ ᠤ ᠬᠥᠮᠥᠷᠭᠡ ᠪᠣᠯᠣᠨ ᠨᠡᠶᠢᠭᠡᠮ ᠤᠨ ᠠᠵᠤ ᠠᠬᠤᠶᠢᠯᠠᠯ ᠵᠡᠷᠭᠡ ᠶᠢ ᠬᠠᠮᠤᠷᠪᠠ᠃      ᠶᠠᠷᠢᠶᠠᠨ ᠤ ᠲᠠᠪᠴᠠᠩ ᠤᠨ ᠲᠤᠬᠠᠢ ᠶᠢᠨ ᠲᠠᠯᠠᠪᠠᠶ ᠳᠤ᠂ ᠪᠤᠰᠨᠢᠶ᠎ᠠ - ᠾᠧᠷᠽᠧᠭᠤᠸᠢᠨᠡ ᠶᠢᠨ ︽ᠤᠯᠠᠮᠵᠢᠯᠠᠯ ᠳᠤ ᠰᠢᠨ᠎ᠡ ᠠᠮᠢᠵᠢᠷᠠᠯ ᠤᠨ ᠬᠦᠴᠦᠨ ᠣᠯᠭᠤᠶ᠎ᠠ︾ ᠭᠡᠬᠦ ᠬᠤᠪᠴᠠᠰᠤ ᠬᠢᠬᠦ ᠲᠦᠷᠦᠯ ᠵᠦᠢᠯ᠂ ᠮᠧᠺᠰᠢᠺᠦ ᠶᠢᠨ ︽ᠭᠠᠶᠢᠬᠠᠮᠰᠢᠭᠲᠤ ᠰᠢᠨᠵᠢᠯᠡᠬᠦ ᠤᠬᠠᠭᠠᠨ︾ ᠭᠡᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦᠯ ᠵᠦᠢᠯ᠂ ᠰᠢᠩᠭᠠᠫᠤᠷ ᠤᠨ ︽100 ᠪᠦᠲᠦᠭᠡᠯᠴᠢ ᠲᠥᠰᠥᠪᠯᠡᠭᠴᠢ ᠶᠢᠨ ᠲᠥᠯᠥᠪᠯᠡᠭᠡ︾ ᠭᠡᠬᠦ ᠲᠦᠷᠦᠯ ᠵᠦᠢᠯ ᠵᠡᠷᠭᠡ  ᠶᠢᠨ ᠬᠠᠷᠢᠭᠤᠴᠠᠯᠭᠠᠲᠠᠨ ᠠᠴᠠ ᠳᠡᠯᠭᠡᠨ ᠦᠵᠡᠭᠦᠯᠭᠡ ᠬᠢᠵᠡᠢ᠃ ᠶᠠᠷᠢᠶᠠᠨ ᠤ ᠲᠠᠪᠴᠠᠩ ᠤᠨ ᠬᠤᠭᠤᠴᠠᠭᠠᠨ ᠳᠤ᠂ ᠪᠦᠭᠦ ᠪᠥᠮᠪᠥᠷᠴᠡᠭ ᠤᠨ ᠵᠠᠯᠠᠭᠤᠴᠤᠳ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢᠨ ᠦᠵᠡᠰᠭᠦᠯᠡᠩ ᠤᠨ ᠴᠤᠭᠯᠠᠭᠠᠨ ᠪᠣᠯᠣᠨ ᠶᠡᠭᠡ ᠳᠡᠭᠡᠳᠦ ᠰᠤᠷᠭᠠᠭᠤᠯᠢ ᠶᠢᠨ ᠲᠣᠭᠤᠷᠢᠨ ᠦᠵᠡᠭᠦᠯᠭᠦ ᠠᠵᠢᠯᠯᠠᠭ᠎ᠠ ᠪᠠᠷ ᠳᠠᠮᠵᠢᠨ 100 ᠨᠡᠶᠢᠲᠡᠯᠢᠭ ᠲᠦᠷᠦᠯ ᠵᠦᠢᠯ ᠢ ᠳᠡᠯᠭᠡᠨ ᠦᠵᠡᠭᠦᠯᠭᠦ ᠪᠣᠯᠣᠨ᠎ᠠ᠃      ᠣᠶᠢᠯᠠᠭᠠᠭᠰᠠᠨ ᠢᠶᠠᠷ᠂ ᠶᠠᠷᠢᠶᠠᠨ ᠤ ᠲᠠᠪᠴᠠᠩ ᠪᠠᠰᠠ ᠳᠡᠯᠡᠬᠡᠢ ᠶᠢᠨ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠲᠤᠰᠬᠠᠢ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ ᠵᠠᠯᠠᠭᠤᠴᠤᠳ ᠤᠨ ᠬᠤᠰᠢᠭᠤᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠡᠬᠢᠯᠡᠭᠦᠯᠵᠦ᠂ ︽ᠵᠠᠯᠠᠭᠤᠴᠤᠳ ᠤᠨ ᠬᠠᠮᠲᠤ ᠶᠢᠨ ᠠᠵᠢᠯᠯᠠᠭ᠎ᠠ ᠶᠢᠨ ᠪᠡᠭᠡᠵᠢᠩ ᠤᠨ ᠲᠤᠩᠬᠠᠭ︾ ᠢ ᠨᠡᠶᠢᠲᠡᠯᠡᠵᠦ᠂ ︽ᠲᠣᠷᠭᠠᠨ ᠵᠠᠮ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ᠭᠡᠬᠦ ᠵᠠᠯᠠᠭᠤᠴᠤᠳ ᠤᠨ ᠬᠥᠭᠵᠢᠯᠲᠡ ᠶᠢᠨ ᠲᠥᠯᠥᠪᠯᠡᠭᠡ ᠶᠢᠨ ᠭᠠᠳᠠᠭᠠᠳᠤ ᠳᠠᠬᠢ ᠲᠥᠷᠥᠯ ᠵᠦᠢᠯ ᠤᠨ ᠦᠷ᠎ᠡ ᠪᠦᠲᠦᠭᠡᠯ ᠤᠨ ᠦᠵᠡᠭᠦᠯᠭᠡ ᠶᠢ ᠢᠵᠢ ᠪᠦᠷᠢᠳᠦᠭᠦᠯᠦᠨ ᠡᠷᠭᠢᠯᠡᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号