ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2023/11/2
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠰᠠᠨᠠᠯ︾  ᠤᠨ ᠠᠭᠤᠯᠭ᠎ᠠ ᠪᠠᠶᠠᠯᠢᠭ᠂ ᠰᠢᠰᠲ᠋ᠧᠮ ᠪᠦᠷᠢᠨ ᠲᠡᠭᠦᠯᠳᠡᠷ ᠪᠠᠶᠢᠵᠤ᠂ ᠮᠠᠨ ᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠠᠶᠢᠭᠤᠯᠬᠤ ᠶᠢ ᠳᠡᠮᠵᠢᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠡᠷᠭᠡ ᠡᠯ᠎ᠡ ᠲᠠᠯ᠎ᠠ ᠶᠢ ᠬᠠᠮᠤᠷᠴᠤ᠂ ᠮᠠᠨ ᠤ ᠣᠷᠣᠨ ᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠯᠤᠰ ᠭᠡᠳᠦ ᠶᠢᠨ ᠨᠥᠯᠥᠭᠡ ᠲᠠᠢ ᠶᠤᠮ᠃ ︽ᠰᠠᠨᠠᠯ︾ ᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠸᠠᠩ ᠱᠧᠩ ᠢ ᠰᠤᠷᠪᠤᠯᠵᠢᠯᠠᠪᠠ᠃      ᠸᠠᠩ ᠸᠠᠩ ᠱᠧᠩ᠄︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ᠃ ︿ᠰᠠᠨᠠᠯ﹀ ᠳᠤ ᠲᠣᠰ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ ᠪᠠᠶᠢᠷᠢᠯᠠᠭᠤᠯᠵᠠᠢ᠃ ᠡᠨᠡ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠤᠭ ᠦᠨᠳᠦᠰᠦ ᠨᠢᠭᠡᠲᠡᠢ᠂ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ︿ᠰᠠᠨᠠᠯ﹀ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠳᠠᠭᠠᠯᠳᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ  ᠶᠢᠨ ᠪᠦᠲᠦᠭᠡᠨ ᠪᠠᠶᠢᠭᠤᠯᠤᠯᠲᠠ ᠯᠠᠪᠲᠠᠢ ᠶᠡᠭᠡ ᠠᠮᠵᠢᠯᠲᠠ ᠪᠦᠲᠦᠮᠵᠢ ᠭᠠᠷᠭᠠᠵᠤ᠂ ᠶᠡᠭᠡ ᠳᠡᠭᠡᠭᠰᠢᠯᠡᠯᠲᠡ ᠲᠠᠢ ᠪᠣᠯᠣᠨ᠎ᠠ︾ ᠭᠡᠪᠡ᠃      ︽ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ ᠳᠠᠭᠠᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠲᠠᠯ᠎ᠠ ᠪᠠᠷ ᠨᠡᠩ ᠴᠤ ᠲᠦᠷᠦᠭᠦᠯᠡᠨ ᠠᠵᠢᠯᠯᠠᠵᠤ᠂ ᠦᠯᠢᠭᠡᠷ ᠳᠠᠭᠤᠷᠢᠶᠠᠯ ᠪᠤᠯᠬᠤ ᠬᠡᠷᠡᠭᠲᠡᠢ᠃ ︿ᠰᠠᠨᠠᠯ﹀ ᠢ ᠲᠦᠷᠭᠡᠳᠬᠡᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ  ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠦᠭᠦ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ︿ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠰᠠᠨᠠᠯ﹀ ᠢ ᠲᠦᠷᠦᠭᠦᠯᠡᠨ ᠲᠤᠭᠤᠷᠪᠢᠵᠤ᠂ ᠨᠢᠭᠡᠨᠲᠡ ᠪᠦᠭᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠤ ᠳᠡᠪᠰᠢᠭᠦᠯᠦᠨ ᠶᠠᠷᠢᠯᠴᠠᠭᠤᠯᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ ᠶᠢᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ︿ᠪᠢᠳᠡ ᠪᠦᠭᠦ ᠤᠯᠤᠰ ᠲᠤ ᠠᠮᠢ ᠠᠬᠤᠢ ᠶᠢᠨ ᠬᠠᠯᠬᠠᠪᠴᠢ ᠪᠠᠶᠢᠭᠤᠯᠵᠤ᠂ ᠪᠦᠭᠦ ᠣᠷᠣᠨ ᠤ ᠨᠤᠲᠤᠭ ᠳᠡᠪᠢᠰᠬᠡᠷ ᠳᠡᠭᠡᠷ᠎ᠡ ᠬᠡᠷᠬᠢᠨ ᠪᠠᠶᠢᠭᠤᠯᠬᠤ᠂ ᠶᠠᠮᠠᠷ ᠬᠡᠮᠵᠢᠶᠡᠨ ᠳᠤ ᠭᠦᠷᠳᠡᠯ᠎ᠡ ᠪᠠᠶᠢᠭᠤᠯᠬᠤ﹀ ᠲᠤᠰᠬᠠᠢ ᠰᠤᠳᠤᠯᠭᠠᠨ ᠢ ᠲᠦᠷᠦᠭᠦᠯᠡᠨ ᠥᠷᠨᠢᠭᠦᠯᠪᠡ᠃ ᠣᠳᠣᠬᠠᠨ ᠳᠤ᠂ ︿ᠰᠠᠨᠠᠯ﹀ ᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ ᠶᠠᠭ ᠲᠤᠭᠤᠷᠪᠢᠨ ᠲᠣᠭᠲᠠᠭᠠᠵᠤ ᠪᠠᠶᠢᠨ᠎ᠠ︾ ᠭᠡᠵᠦ ᠸᠠᠩ ᠸᠠᠩ ᠱᠧᠩ ᠰᠤᠷᠪᠤᠯᠵᠢᠯᠠᠬᠴᠢ ᠳᠤ ᠬᠡᠯᠡᠪᠡ᠃      ︽ᠳᠠᠷᠠᠭᠠᠴᠢ ᠶᠢᠨ ᠠᠯᠬᠤᠮ ᠳᠤ᠂ ᠪᠢᠳᠡ ᠲᠤᠰ ᠪᠡᠶ᠎ᠡ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠴᠠ ᠶᠡᠭᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠲᠡᠶᠢᠰᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ᠃ ᠪᠣᠳᠠᠲᠠᠢ ᠪᠠᠷ ᠬᠡᠯᠡᠪᠡᠯ᠂ ᠵᠢᠷᠭᠤᠭᠠᠨ ᠶᠡᠭᠡ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠲᠤᠪᠤᠶᠢᠯᠭᠠᠵᠦ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠥᠪᠥᠷ ᠮᠣᠩᠭᠤᠯ ᠤᠨ ᠶᠠᠷᠢᠶᠠᠨ ᠤ ᠲᠠᠪᠴᠠᠩ ᠢ ᠨᠠᠷᠢᠨ ᠬᠢᠨᠠᠮᠠᠭᠠᠢ ᠪᠡᠯᠡᠳᠬᠡᠵᠦ᠂ ᠴᠢᠨᠠᠷ ᠰᠠᠶᠢᠲᠠᠢ ᠳᠠᠭᠠᠭᠠᠴᠢᠯᠠᠨ ᠡᠷᠭᠢᠯᠡᠨ᠎ᠠ᠃ ᠬᠤᠶᠠᠷ ᠲᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦᠭᠦᠯᠡᠨ ᠠᠵᠢᠯᠯᠠᠵᠤ ᠶᠡᠷᠦᠩᠬᠡᠢ ᠳᠤᠨᠢ ᠠᠳᠬᠤᠬᠤ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠤᠨ᠂ ︿ᠨᠢᠭᠡᠳᠦᠯᠲᠡᠢ ᠲᠥᠯᠥᠪᠯᠡᠬᠦ﹀ ᠠᠵᠢᠯ ᠢ ᠯᠠᠪᠳᠠᠭᠤᠨ ᠪᠠᠲᠤᠲᠠᠢ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠭᠤᠷᠪᠠ ᠳᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ  ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠬᠢᠭᠤᠯᠬᠤ ᠶᠢᠨ ᠬᠠᠮᠲᠤ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠵᠣᠬᠢᠶᠠᠨ ᠪᠠᠶᠢᠭᠤᠯᠤᠨ ᠥᠷᠨᠢᠭᠦᠯᠵᠦ᠂ 2024 ᠣᠨ ᠤ ᠰᠡᠭᠦᠯᠴᠢ ᠠᠴᠠ ᠡᠮᠦᠨ᠎ᠡ 12 ᠠᠶᠢᠮᠠᠭ ᠬᠤᠳᠠ ᠶᠢᠨ ᠱᠠᠯᠠᠪᠳᠠᠭᠤᠯᠤᠨ ᠪᠠᠶᠢᠴᠠᠭᠠᠬᠤ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠳᠥᠷᠪᠡ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠨ᠎ᠡ᠃ ᠪᠣᠬᠢᠷᠳᠤᠯ ᠢ ᠤᠨᠢᠨ ᠳᠡᠭᠡᠷ᠎ᠡ ᠨᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠲᠤᠪᠤᠶᠢᠯᠭᠠᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠡᠷᠴᠢᠮ᠂ ᠨᠡᠩ ᠴᠢᠩᠭ᠎ᠠ ᠱᠠᠭᠠᠷᠳᠠᠯᠭ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤᠨ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢᠯᠠᠵᠤ ᠴᠣᠬᠤᠯᠠᠪᠤᠷᠢᠯᠠᠭᠰᠠᠨ ᠬᠠᠲᠤᠨ ᠭᠤᠣᠯ  ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ︿ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ﹀ ᠵᠢᠴᠢ ᠴᠠᠭᠠᠨᠨᠠᠭᠤᠷ ᠢ ᠶᠡᠷᠦᠩᠬᠡᠶᠢᠯᠡᠨ ᠵᠠᠰᠠᠬᠤ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠴᠢᠩᠭᠠᠳᠬᠠᠵᠤ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠠᠷᠠᠳ ᠤᠯᠠᠨ ᠤ ᠣᠷᠣᠰᠢᠨ ᠰᠠᠭᠤᠷᠢᠰᠢᠬᠤ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠦᠵᠡᠰᠬᠦᠯᠡᠩᠲᠦ ᠰᠠᠶᠢᠬᠠᠨ ᠠᠮᠢ ᠠᠬᠤᠢ ᠣᠷᠴᠢᠨ ᠲᠣᠭᠤᠷᠢᠨ ᠤ ᠲᠤᠬᠠᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠨᠡᠮᠡᠭᠳᠡᠭᠦᠯᠦᠨ᠎ᠡ᠃ ᠲᠠᠪᠤ ᠳᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠢ ᠠᠬᠤᠢ  ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠰᠡᠷᠭᠡᠶᠢᠯᠡᠨ ᠠᠷᠢᠯᠭᠠᠵᠤ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠢ ᠡᠷᠡᠰ ᠰᠠᠬᠢᠨ᠎ᠠ᠃ ᠵᠢᠷᠭᠤᠭ᠎ᠠ ᠳᠤ᠂ ᠠᠮᠢ ᠠᠬᠤᠢ ᠶᠢᠨ ᠪᠣᠯᠪᠠᠰᠤᠨ  ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠢ ᠠᠬᠤᠢ ᠶᠢᠨ ᠰᠣᠶᠣᠯ ᠤᠨ ᠰᠢᠯᠢᠳᠡᠭ ᠤᠷᠠᠯᠢᠭ ᠤᠨ ᠪᠦᠲᠦᠭᠡᠯ  ᠢ ᠰᠢᠯᠭᠠᠷᠠᠭᠤᠯᠬᠤ᠂ ᠲᠣᠭᠤᠷᠢᠨ ᠲᠣᠭᠯᠠᠬᠤ ᠵᠡᠷᠭᠡ ᠠᠵᠢᠯᠯᠠᠭ᠎ᠠ ᠡᠷᠭᠢᠯᠡᠵᠦ᠂ ︿ᠤᠮᠠᠷᠠᠲᠤ ᠶᠢᠨ ᠠᠮᠢ ᠠᠬᠤᠢ ᠶᠢᠨ ᠰᠣᠶᠣᠯ﹀ ᠤᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠤᠯᠠᠨ ᠲᠦᠷᠦᠯ ᠤᠨ ᠤᠷᠠᠯᠢᠭ ᠤᠨ ᠭᠡᠯᠪᠡᠷᠢ ᠪᠠᠷ ᠠᠮᠢ ᠠᠬᠤᠢ ᠶᠢᠨ ᠪᠣᠯᠪᠠᠰᠤᠨ ᠤ ᠭᠤᠣᠯ ᠦᠷᠳᠡᠭ ᠤᠨ ᠦᠵᠡᠯᠲᠡ ᠶᠢ ᠤᠯᠠᠮᠵᠢᠯᠠᠨ᠎ᠠ︾ ᠭᠡᠵᠦ ᠸᠠᠩ ᠸᠠᠩ ᠱᠧᠩ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号