81 ᠳ᠋ᠦ᠋ᠭᠡᠷ ᠬᠤᠭᠤᠴᠠᠭᠠᠨ ᠤ ᠥᠪᠥᠷ ᠮᠣᠩᠭᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠶᠠᠷᠢᠶᠠᠨ  ᠤ ᠲᠠᠪᠴᠠᠩ ᠶᠠᠪᠤᠭᠳᠠᠪᠠ
ᠨᠡᠶᠢᠲᠡᠯᠡᠭᠰᠡᠨ ᠴᠠᠭ᠄
2023/11/20
     ᠣᠶᠢᠷ᠎ᠠ ᠳᠤ  ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠰᠤᠳᠤᠯᠤᠯ ᠤᠨ ᠲᠥᠪ ︽︿ᠤᠯᠠᠭ᠎ᠠ ᠦᠷᠳᠡᠭᠡ ᠲᠡᠳᠦᠢ﹀ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠶ᠎ᠠ︾ ᠪᠠᠷ ᠭᠤᠣᠯ ᠰᠡᠳᠦᠪ ᠪᠤᠯᠭᠠᠬᠰᠠᠨ ᠨᠠᠶᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠶᠠᠷᠢᠶᠠᠨ ᠤ ᠲᠠᠪᠴᠠᠩ ᠢ ᠡᠷᠭᠢᠯᠡᠨ ᠶᠠᠪᠤᠭᠳᠠᠭᠤᠯᠪᠠ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠭᠦᠭᠡᠬᠤᠳᠠ ᠪᠣᠭᠤᠮᠲᠠ᠂ ᠥᠪᠥᠷ ᠮᠣᠩᠭᠤᠯ ᠤᠨ ᠭᠦᠸᠧ ᠮᠣᠣ ᠪᠦᠯᠦᠭᠯᠡᠯ ᠵᠢᠴᠢ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠰᠤᠳᠤᠯᠤᠯ ᠤᠨ ᠲᠥᠪ ᠤᠨ ᠲᠤᠰᠬᠠᠢ ᠮᠡᠷᠭᠡᠵᠢᠯᠲᠡᠨ ᠡᠷᠳᠡᠮᠲᠡᠨ ᠶᠠᠷᠢᠶᠠᠨ ᠤ ᠲᠠᠪᠴᠠᠩ ᠳᠤ ᠣᠷᠣᠯᠴᠠᠵᠠᠢ᠃      ᠶᠠᠷᠢᠶᠠᠨ ᠤ ᠲᠠᠪᠴᠠᠩ ᠳᠤ ᠣᠳᠣᠬᠠᠨ ᠳᠤ ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠬᠤ ᠨᠢ ᠴᠢᠬᠤᠯᠠ ᠲᠡᠦᠬᠡᠨ ᠠᠵᠠ ᠳᠤᠭᠢᠶᠠᠯ ᠳᠤ ᠲᠤᠯᠭᠠᠷᠠᠵᠤ ᠪᠠᠶᠢᠨ᠎ᠠ᠃ ᠪᠢᠳᠡ ᠶᠡᠷᠦᠩᠬᠡᠢ ᠱᠦᠵᠢ ᠰᠢ  ᠶᠢᠨ ᠫᠢᠩ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠨᠡᠩ ᠰᠠᠶᠢᠲᠤᠷ ᠬᠤᠪᠢᠷᠠᠭᠤᠯᠵᠤ᠂ ᠨᠡᠭᠡᠭᠡᠯᠲᠡ ᠶᠢᠨ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠥᠪᠥᠷ ᠮᠣᠩᠭᠤᠯ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠡᠷᠳᠡᠮᠲᠡᠳ ᠮᠡᠷᠭᠡᠵᠢᠯᠲᠡᠳ ᠰᠠᠨᠠᠯ ᠨᠢᠭᠡᠲᠡᠢ ᠦᠵᠡᠵᠡᠭᠡᠪᠡ᠃      ᠲᠤᠰᠬᠠᠢ ᠮᠡᠷᠭᠡᠵᠢᠯᠲᠡᠨ ᠠᠴᠠ᠂ ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠤᠯᠠᠭ᠎ᠠ ᠦᠷᠳᠡᠭᠡ ᠲᠡᠳᠦᠢ︾ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠶᠢ ᠠᠬᠢᠭᠤᠯᠤᠨ ᠳᠦᠷᠢᠮ ᠤᠨ ᠴᠢᠨᠠᠷᠲᠠᠢ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠵᠡᠷᠭᠡ ᠲᠠᠯ᠎ᠠ ᠪᠠᠷ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号