ᠮᠠᠨ ᠤ ᠣᠷᠣᠨ ᠰᠢᠨ᠎ᠡ ᠪᠠᠷ ᠨᠡᠮᠡᠭᠳᠡᠬᠦ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/20
     ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠲᠣ ᠪᠤᠯᠲᠠᠯ᠎ᠠ ᠮᠠᠨ ᠤ ᠣᠷᠣᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ  ︽ᠪᠠᠷᠢᠮᠵᠢᠶᠠᠲᠤ ᠭᠠᠵᠠᠷ︾ ᠢ 220 ᠰᠢᠯᠵᠢᠭᠦᠯᠦᠨ ᠥᠭᠬᠦ ᠶᠢ ᠪᠡᠶᠡᠯᠡᠭᠦᠯᠵᠦ᠂ ᠶᠡᠷᠦᠩᠬᠡᠢ ᠲᠠᠯᠠᠪᠠᠶ ᠨᠢ 2158.96 ᠾᠧᠺᠲ᠋ᠠᠷ ᠬᠦᠷᠴᠦ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠠᠰᠢᠭ ᠣᠷᠣᠯᠭ᠎ᠠ ᠨᠢ 33.77 ᠳ᠋ᠦᠩᠰᠢᠭᠤᠷ ᠲᠥᠭᠦᠷᠢᠭ ᠲᠤ ᠬᠦᠷᠴᠦ᠂ ︽ᠪᠠᠷᠢᠮᠵᠢᠶᠠᠲᠤ ᠭᠠᠵᠠᠷ︾  ᠨᠢ ᠪᠦᠭᠦ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ 60.94%   ᠶᠢ ᠡᠵᠡᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠵᠢᠯ ᠢ ᠦᠷᠭᠦᠯᠵᠢᠯᠡᠨ ᠬᠢᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠪᠠ᠃ ᠮᠠᠨ ᠤ ᠣᠷᠣᠨ ︽ᠪᠠᠷᠢᠮᠵᠢᠶᠠᠲᠤ ᠭᠠᠵᠠᠷ︾ ᠢ ᠬᠢᠮᠳᠠ ᠦᠨ᠎ᠡ ᠪᠠᠷ ᠬᠤᠳᠠᠯᠳᠤᠬᠤ ᠶᠠᠪᠤᠴᠠ ᠶᠢ ᠳᠠᠭᠢᠨ ᠪᠠᠶᠢᠭᠤᠯᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠪᠠᠷ ᠳᠡᠮᠵᠢᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠠᠪᠤᠴᠠ ᠶᠢ ᠪᠦᠭᠦ ᠲᠠᠯ᠎ᠠ ᠪᠠᠷ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠭᠠᠵᠠᠷ ᠰᠢᠷᠣᠢ ᠠᠪᠬᠤ ᠴᠠᠭ  ᠢ ᠶᠡᠭᠡ ᠪᠠᠷ ᠪᠣᠭᠤᠨᠢᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠨᠡᠩ ᠳᠦᠭᠦᠮ ᠳᠥᠲᠡ ᠪᠣᠯᠵᠠᠢ᠃ ︽ᠪᠠᠷᠢᠮᠵᠢᠶᠠᠲᠤ ᠭᠠᠵᠠᠷ︾ ᠢ ᠬᠢᠮᠳᠠ ᠦᠨ᠎ᠡ ᠪᠠᠷ ᠬᠤᠳᠠᠯᠳᠤᠬᠤ ᠳᠤ ︽ᠵᠠᠰᠠᠭ ᠤᠨ ᠣᠷᠳᠣᠨ ᠠᠴᠠ ᠨᠢᠭᠡᠳᠦᠯᠲᠡᠢ  ᠲᠣᠭᠠᠴᠠᠭ᠎ᠠ ᠬᠢᠬᠦ︾ ᠵᠠᠭᠪᠤᠷ ᠢᠶᠠᠷ ᠳᠠᠮᠵᠢᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ ᠪᠤᠶᠤ ᠨᠡᠭᠡᠭᠡᠨ ᠬᠥᠭᠵᠢᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠣᠷᠣᠨ ᠪᠦᠰᠡ ᠶᠢᠨ ᠴᠢᠨᠠᠷᠲᠠᠢ ᠦᠨᠡᠯᠡᠯᠲᠡ ᠶᠢᠨ ᠠᠵᠢᠯ ᠢ ᠤᠷᠢᠳᠴᠢᠯᠠᠨ ᠪᠡᠶᠡᠯᠡᠭᠦᠯᠦᠭᠰᠡᠨ ᠪᠥᠭᠡᠳ ᠬᠠᠮᠢᠶ᠎ᠠ ᠪᠦᠬᠦᠢ ᠦᠷ᠎ᠡ ᠪᠦᠲᠦᠭᠡᠯ ᠢ ᠭᠠᠵᠠᠷ ᠰᠢᠷᠣᠢ ᠨᠢᠭᠡᠪᠦᠷᠢ  ᠶᠢ ᠰᠢᠯᠵᠢᠭᠦᠯᠦᠨ ᠬᠤᠳᠠᠯᠳᠤᠬᠤ ᠲᠥᠰᠥᠯ ᠳᠤ ᠬᠡᠷᠡᠭᠯᠡᠵᠦ᠂ ᠠᠵᠤ ᠠᠬᠤᠶᠢᠯᠠᠯ ᠤᠨ ᠭᠠᠵᠠᠷ ᠰᠢᠷᠣᠢ ᠬᠡᠷᠡᠭᠯᠡᠬᠦ ᠪᠡᠯᠡ ᠮᠥᠩᠭᠦ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡ ᠣᠷᠣᠭᠤᠯᠤᠯᠲᠠ ᠶᠢᠨ ᠳᠠᠷᠤᠯᠲᠠ ᠶᠢ ᠶᠡᠭᠡ ᠪᠠᠷ ᠬᠥᠩᠭᠡᠷᠡᠭᠦᠯᠪᠡ᠃      ᠮᠠᠨ ᠤ ᠣᠷᠣᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠣᠳᠣᠬᠠᠨ ᠳᠤ ᠨᠢᠭᠡᠨᠲᠡ ᠪᠦᠭᠦ ᠣᠷᠣᠨ ᠳᠤ ᠪᠦᠭᠦ ᠲᠠᠯ᠎ᠠ ᠪᠠᠷ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠵᠢᠯᠤᠭᠤᠳᠬᠤ ᠰᠠᠨᠠᠯ ᠨᠡᠶᠢᠲᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠠᠴᠠ ᠪᠣᠳᠠᠲᠠᠢ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠨᠠᠷᠢᠨ ᠳᠦᠷᠢᠮ ᠪᠠ ᠠᠵᠢᠯ ᠤᠨ ᠳᠡᠰ ᠳᠠᠷᠠᠭᠠᠯᠠᠯ ᠢ ᠲᠣᠭᠲᠠᠭᠠᠵᠤ᠂ ᠨᠡᠯᠢᠶᠡᠳ ᠪᠦᠷᠢᠨ ᠲᠡᠭᠦᠯᠳᠡᠷ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠳᠦᠷᠢᠮ ᠤᠨ ᠰᠢᠰᠲ᠋ᠧᠮ ᠢ ᠪᠦᠷᠢᠯᠳᠦᠭᠦᠯᠪᠡ᠃ ᠡᠯ᠎ᠡ ᠭᠠᠵᠠᠷ ᠤᠨ ᠬᠢᠨ ᠦᠢᠯᠡᠳᠦᠯᠭᠡ ᠶᠢᠨ ᠶᠠᠪᠤᠴᠠ ᠳᠤ᠂ ᠠᠵᠤ ᠦᠢᠯᠡᠳᠪᠦᠷᠢ ᠶᠢᠨ ᠬᠦᠷᠢᠶᠡᠨ ᠤ ᠠᠳᠠᠯᠢ ᠪᠤᠰᠤ ᠠᠵᠢᠯ ᠲᠦᠷᠦᠯ ᠳᠤ ᠴᠢᠭᠯᠡᠭᠦᠯᠦᠨ ᠠᠳᠠᠯᠢ ᠪᠤᠰᠤ ᠬᠢᠵᠠᠭᠠᠷᠯᠠᠬᠤ ᠭᠦᠢᠴᠡᠳᠬᠡᠯ ᠲᠤᠭ᠎ᠠ ᠶᠢ ᠳᠤᠷᠠᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号