ᠮᠠᠨ ᠤ ᠣᠷᠣᠨ ᠤ 12 ᠦᠢᠯᠡᠴᠢᠯᠡᠭᠡᠨ ᠤ ᠲᠣᠭᠤᠷᠢᠭ ᠤᠨ ᠴᠠᠭᠢᠯᠭᠠᠨ ᠴᠡᠨᠡᠭᠯᠡᠬᠦ ᠥᠷᠲᠡᠭᠡ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/11/20
     11 ᠰᠠᠷ᠎ᠠ ᠶᠢᠨ 17 ᠤ ᠡᠳᠦᠷ᠂ ᠰᠤᠷᠪᠤᠯᠵᠢᠯᠠᠬᠴᠢ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠡᠮᠦᠨᠡᠬᠢ ᠬᠤᠭᠤᠴᠠᠭᠠᠨ ᠤ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ 12 ᠦᠢᠯᠡᠴᠢᠯᠡᠭᠡᠨ ᠤ ᠲᠣᠭᠤᠷᠢᠭ ᠤᠨ ᠴᠠᠭᠢᠯᠭᠠᠨ ᠴᠡᠨᠡᠭᠯᠡᠬᠦ ᠥᠷᠲᠡᠭᠡ ᠠᠰᠢᠭᠯᠠᠯᠲᠠ ᠳᠤ ᠣᠷᠣᠪᠠ᠃      ᠲᠣᠰ ᠤᠳᠠᠭ᠎ᠠ ᠰᠦᠯᠵᠢᠶᠡᠨ ᠳᠤ ᠣᠷᠣᠭᠤᠯᠤᠨ ᠡᠵᠡᠩᠨᠡᠵᠦ ᠪᠠᠶᠢᠭ᠎ᠠ 12 ᠦᠢᠯᠡᠴᠢᠯᠡᠭᠡᠨ ᠤ ᠲᠣᠭᠤᠷᠢᠭ ᠤᠨ ᠴᠠᠭᠢᠯᠭᠠᠨ ᠴᠡᠨᠡᠭᠯᠡᠬᠦ ᠥᠷᠲᠡᠭᠡ ᠨᠢ ᠲᠣᠰ ᠲᠣᠰ G7 ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠰᠠᠮᠠᠯ ᠵᠠᠮ ᠤᠨ ᠭᠦᠭᠡᠬᠤᠲᠠ ᠳᠠᠬᠢ ᠦᠢᠯᠡᠴᠢᠯᠡᠭᠡᠨ ᠤ ᠲᠣᠭᠤᠷᠢᠭ᠂ ᠵᠢᠨᠢᠩ ᠡᠮᠦᠨ᠎ᠡ ᠦᠢᠯᠡᠴᠢᠯᠡᠭᠡᠨ ᠤ ᠲᠣᠭᠤᠷᠢᠭ᠂ G512 ᠤᠯᠤᠰ ᠤᠨ ᠵᠠᠮ ᠤᠨ ᠭᠦ᠋ ᠯᠢᠶᠠᠩ ᠹᠧᠩ ᠲᠢᠶᠠᠨ ᠴᠧᠩ ᠦᠢᠯᠡᠴᠢᠯᠡᠭᠡᠨ ᠤ ᠲᠣᠭᠤᠷᠢᠭ᠂ G55 ᠡᠷᠢᠶᠡᠨ ᠠᠴᠠ ᠭᠤᠸᠠᠩᠵᠧᠦ ᠬᠦᠷᠬᠦ ᠲᠦᠷᠭᠡᠨ ᠤ ᠵᠠᠰᠠᠮᠠᠯ ᠵᠠᠮ ᠤᠨ ᠬᠤᠸᠠᠩ ᠵᠢᠶᠠ ᠼᠦᠨ ᠲᠣᠰᠬᠤᠨ ᠤ ᠦᠢᠯᠡᠴᠢᠯᠡᠭᠡᠨ ᠤ ᠲᠣᠭᠤᠷᠢᠭ᠂ ᠴᠠᠩ ᠱᠧᠩ ᠸᠠᠨ ᠦᠢᠯᠡᠴᠢᠯᠡᠭᠡᠨ ᠤ ᠲᠣᠭᠤᠷᠢᠭ᠂ G6 ᠪᠡᠭᠡᠵᠢᠩ ᠠᠴᠠ ᠲᠥᠪᠡᠳ ᠬᠦᠷᠬᠦ ᠲᠦᠷᠭᠡᠨ ᠤ ᠵᠠᠰᠠᠮᠠᠯ ᠵᠠᠮ ᠤᠨ ᠮᠤᠨᠠ ᠠᠭᠤᠯᠠ ᠳᠠᠬᠢ ᠦᠢᠯᠡᠴᠢᠯᠡᠭᠡᠨ ᠤ ᠲᠣᠭᠤᠷᠢᠭ᠂ ᠯᠢᠨ ᠾᠧ ᠰᠢᠨ᠎ᠡ ᠲᠣᠭᠤᠷᠢᠭ ᠤᠨ ᠦᠢᠯᠡᠴᠢᠯᠡᠭᠡᠨ ᠤ ᠲᠣᠭᠤᠷᠢᠭ᠂ G210 ᠤᠯᠤᠰ ᠤᠨ ᠵᠠᠮ ᠤᠨ ᠪᠦᠷᠢᠶ᠎ᠡ ᠮᠠᠩᠬ᠎ᠠ ᠳᠠᠬᠢ ᠦᠢᠯᠡᠴᠢᠯᠡᠭᠡᠨ ᠤ ᠲᠣᠭᠤᠷᠢᠭ᠂ G207 ᠪᠠᠢ ᠾᠥᠸᠧ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠣᠷᠣᠬᠤᠰᠢᠭᠤ ᠳᠠᠬᠢ ᠦᠢᠯᠡᠴᠢᠯᠡᠭᠡᠨ ᠤ ᠲᠣᠭᠤᠷᠢᠭ᠂ G304 ᠯᠦ ᠾᠥᠸᠧ ᠨᠢᠭᠡᠳᠦᠭᠡᠷ ᠳᠡᠰ ᠤᠨ ᠵᠠᠰᠠᠮᠠᠯ ᠵᠠᠮ ᠤᠨ ᠠᠷᠤ ᠬᠥᠨᠳᠡᠯᠡᠨ ᠳᠠᠬᠢ ᠦᠢᠯᠡᠴᠢᠯᠡᠭᠡᠨ ᠤ ᠲᠣᠭᠤᠷᠢᠭ᠂ G302 ᠤᠯᠠᠭᠠᠨᠬᠤᠲᠠ ᠷᠠᠰᠢᠶᠠᠨ ᠤ ᠨᠢᠭᠡᠳᠦᠭᠡᠷ ᠳᠠᠰ ᠤᠨ ᠵᠠᠰᠠᠮᠠᠯ ᠵᠠᠮ ᠤᠨ ᠤᠯᠠᠭᠠᠨ᠋ᠣ᠋ᠳᠣ ᠦᠢᠯᠡᠴᠢᠯᠡᠭᠡᠨ ᠤ ᠲᠣᠭᠤᠷᠢᠭ᠂ ᠳ᠋ᠠ ᠱᠢ ᠵᠠᠢ ᠦᠢᠯᠡᠴᠢᠯᠡᠭᠡᠨ ᠤ ᠲᠣᠭᠤᠷᠢᠭ ᠵᠡᠷᠭᠡ ᠲᠤ ᠪᠤᠢ᠃      ᠣᠷᠣᠰᠢᠵᠤ ᠪᠠᠶᠢᠭ᠎ᠠ ᠵᠠᠮ ᠤᠨ ᠬᠡᠰᠡᠭ ᠤᠨ ᠲᠠᠯᠠᠪᠤᠷ ᠭᠠᠵᠠᠷ ᠤᠨ ᠪᠣᠳᠠᠲᠠᠢ ᠪᠠᠶᠢᠳᠠᠯ ᠪᠠ ᠵᠠᠮ ᠬᠠᠷᠢᠯᠴᠠᠭᠠᠨ ᠤ ᠬᠡᠮᠵᠢᠶ᠎ᠡ ᠶᠢᠨ ᠠᠳᠠᠯᠢ ᠪᠤᠰᠤ ᠶᠢ ᠦᠨᠳᠦᠰᠦᠯᠡᠨ᠂ ᠡᠲᠡᠭᠡᠷ ᠴᠠᠭᠢᠯᠭᠠᠨ ᠴᠡᠨᠡᠭᠯᠡᠬᠦ ᠥᠷᠲᠡᠭᠡ ᠳᠤ ᠲᠣᠰ ᠲᠣᠰ 8 ᠲᠡᠷᠭᠡᠨ ᠵᠣᠭᠰᠣᠭᠠᠯ ︵ᠴᠡᠨᠡᠭᠯᠡᠭᠴᠢ︶ ᠪᠤᠶᠤ 4 ᠲᠡᠷᠭᠡᠨ ᠵᠣᠭᠰᠣᠭᠠᠯ ︵ᠴᠡᠨᠡᠭᠯᠡᠭᠴᠢ︶ ᠲᠣᠬᠢᠷᠠᠭᠤᠯᠵᠤ ᠲᠦᠷᠭᠡᠨ ᠴᠡᠨᠡᠭᠯᠡᠵᠦ᠂ ᠨᠡᠶᠢᠲᠡ 96 ᠲᠦᠷᠭᠡᠨ ᠴᠡᠨᠡᠭᠯᠡᠭᠴᠢ ᠲᠣᠬᠢᠷᠠᠭᠤᠯᠵᠤ᠂ ᠭᠠᠭᠴᠠ ᠴᠡᠨᠡᠭᠯᠡᠭᠴᠢ ᠶᠢᠨ ᠣᠷᠭᠢᠯ ᠬᠡᠮᠵᠢᠭᠳᠡᠯ ᠤᠨ ᠴᠢᠳᠠᠮᠵᠢ ᠨᠢ 120kw᠂ ᠨᠢᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ 80% ᠶᠢᠨ ᠴᠠᠭᠢᠯᠭᠠᠨ ᠴᠡᠨᠡᠭᠯᠡᠬᠦ ᠳᠤ ᠵᠥᠪᠭᠡᠨ 25 ᠮᠢᠨᠦ᠋ᠲ ᠬᠡᠷᠡᠭᠰᠡᠨ᠎ᠡ᠃      ᠲᠣᠰ ᠤᠳᠠᠭᠠᠨ ᠤ 12 ᠦᠢᠯᠡᠴᠢᠯᠡᠭᠡᠨ ᠤ ᠲᠣᠭᠤᠷᠢᠭ ᠤᠨ ᠴᠠᠭᠢᠯᠭᠠᠨ ᠴᠡᠨᠡᠭᠯᠡᠬᠦ ᠥᠷᠲᠡᠭᠡ ᠶᠢᠨ ᠰᠦᠯᠵᠢᠶᠡᠨ ᠳᠤ ᠣᠷᠣᠭᠤᠯᠵᠤ ᠡᠵᠡᠩᠨᠡᠭᠰᠡᠨ ᠨᠢ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠨᠢ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠠᠭᠤᠷᠢ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠳᠤ ᠰᠢᠨ᠎ᠡ ᠨᠢᠭᠡ ᠠᠯᠬᠤᠮ ᠢ ᠠᠯᠬᠤᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠱᠣᠩ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠪᠠ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠨᠢᠭᠡᠳᠦᠯᠲᠡᠢ ᠲᠣᠬᠢᠷᠠᠭᠤᠯᠤᠯᠲᠠ ᠶᠢ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号