| 11 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ | ᠳᠦᠷᠢᠮ︾ ︵ᠳᠣᠷᠣᠭᠰᠢ︽ᠳᠦᠷᠢᠮ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ | ᠪᠠᠶᠢᠳᠠᠯ ᠢ ᠮᠡᠳᠡᠭᠳᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ | ᠬᠤᠷᠠᠯ ᠢᠶᠠᠷ ︽︿ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ ᠢ ᠪᠠᠲᠤᠯᠠᠵᠤ᠂ ᠵᠠᠰᠠᠪᠤᠷᠢ | ᠣᠷᠣᠭᠤᠯᠤᠭᠰᠠᠨ ᠤ ᠳᠠᠷᠠᠭᠠᠬᠢ ︽ᠳᠦᠷᠢᠮ︾ ᠢ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | ᠤᠤᠯ ᠤᠨ ︽ᠳᠦᠷᠢᠮ︾ ᠨᠢ ᠨᠡᠶᠢᠲᠡ 42 ᠵᠦᠢᠯ ᠪᠠᠶᠢᠵᠤ᠂ ᠡᠨᠡ ᠤᠳᠠᠭ᠎ᠠ ᠨᠡᠶᠢᠲᠡ 23 ᠵᠦᠢᠯ ᠳᠤ | ᠵᠠᠰᠠᠪᠤᠷᠢ ᠣᠷᠣᠭᠤᠯᠵᠤ᠂ 1 ᠵᠦᠢᠯ ᠢ ᠬᠠᠰᠤᠵᠤ᠂ 3 ᠵᠦᠢᠯ ᠨᠡᠮᠡᠵᠦ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ | ︽ᠳᠦᠷᠢᠮ︾ ᠨᠢ ᠨᠡᠶᠢᠲᠡ 44 ᠵᠦᠢᠯ ᠪᠣᠯᠵᠠᠢ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾ ᠨᠢ | ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄ | ᠨᠢᠭᠡ ᠳᠤ ᠠᠵᠤ ᠦᠢᠯᠡᠰ ᠢᠶᠠᠷ ᠳᠠᠶᠢᠴᠢᠯᠠᠬᠤ ᠲᠠᠯ᠎ᠠ ᠪᠠᠷ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ | ᠣᠶᠤᠨ ᠴᠢᠳᠠᠪᠤᠷᠢ ᠬᠢᠭᠡᠳ ᠡᠯ᠎ᠡ ᠠᠵᠤ ᠦᠢᠯᠡᠰ ᠤᠨ ᠭᠦᠨᠵᠡᠭᠡᠢ ᠠᠭᠤᠰᠤᠯᠴᠠᠯ ᠠᠴᠠ ᠪᠤᠶ ᠪᠣᠯᠤᠭᠰᠠᠨ ᠰᠢᠨ᠎ᠡ ᠠᠵᠤ | ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠵᠠᠭᠪᠤᠷ ᠢ ᠳᠡᠮᠵᠢᠵᠦ᠂ ᠵᠢᠵᠢᠭ ᠭᠡᠯᠪᠡᠷᠢ ᠶᠢᠨ ᠠᠵᠤ | ᠠᠬᠤᠶᠢᠯᠠᠯ ᠳᠤ ᠠᠵᠢᠯ ᠣᠯᠭᠤᠬᠤ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠬᠡᠪᠴᠢᠶᠡᠨ ᠳᠤ ᠣᠷᠣᠭᠤᠯᠵᠤ᠂ ᠣᠯᠠᠨ | ᠠᠷᠭ᠎ᠠ ᠵᠠᠮ᠂ ᠣᠯᠠᠨ ᠠᠷᠭ᠎ᠠ ᠭᠡᠯᠪᠡᠷᠢ ᠪᠠᠷ ᠠᠵᠢᠯ ᠤᠨ ᠪᠠᠶᠢᠷᠢ ᠶᠢ ᠨᠡᠮᠡᠭᠳᠡᠭᠦᠯᠪᠡ᠃ | ᠬᠤᠶᠠᠷ ᠲᠤ ᠪᠡᠯᠡ ᠮᠥᠩᠭᠦ ᠪᠠᠷ ᠲᠡᠳᠬᠦᠨ ᠳᠡᠮᠵᠢᠬᠦ ᠲᠠᠯ᠎ᠠ ᠪᠠᠷ᠂ ᠠᠵᠢᠯ ᠣᠯᠭᠤᠯᠲᠠ ᠶᠢᠨ ᠨᠥᠬᠦᠪᠦᠷᠢ | ᠪᠡᠯᠡ ᠮᠥᠩᠭᠦ ᠶᠢᠨ ᠬᠡᠷᠡᠭᠯᠡᠬᠦ ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠨᠢᠭᠡ ᠯᠡ ᠤᠳᠠᠭ᠎ᠠ ᠶᠢᠨ ᠴᠢᠨᠠᠷᠲᠠᠢ ᠦᠢᠯᠡᠰ | ᠪᠣᠰᠬᠠᠬᠤ ᠨᠥᠬᠦᠪᠦᠷᠢ᠂ ᠠᠵᠢᠯ ᠡᠷᠢᠵᠦ ᠦᠢᠯᠡᠰ ᠪᠣᠰᠬᠠᠬᠤ ᠨᠥᠬᠦᠪᠦᠷᠢ᠂ ᠠᠵᠢᠯ ᠣᠯᠵᠤ ᠦᠢᠯᠡᠰ ᠪᠣᠰᠬᠠᠬᠤ | ᠦᠢᠯᠡᠴᠢᠯᠡᠭᠡᠨ ᠤ ᠨᠥᠬᠦᠪᠦᠷᠢ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠨᠥᠬᠦᠪᠦᠷᠢ ᠵᠡᠷᠭᠡ ᠶᠢ | ᠨᠡᠮᠡᠭᠳᠡᠭᠦᠯᠵᠦ᠂ ᠦᠢᠯᠡᠰ ᠪᠣᠰᠬᠠᠬᠤ ᠶᠢ ᠲᠡᠳᠬᠦᠨ ᠳᠡᠮᠵᠢᠬᠦ ᠶᠢ ᠳᠣᠪᠤᠶᠢᠯᠭᠠᠪᠠ᠃ | ᠭᠤᠷᠪᠠ ᠳᠤ ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠵᠠᠰᠠᠭ ᠤᠨ ᠣᠷᠳᠣᠨ ᠤ ᠨᠥᠬᠦᠪᠦᠷᠢ ᠲᠠᠢ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠵᠦᠢᠯᠡᠰ ᠢ ᠪᠦᠭᠦᠨ ᠢ ᠬᠢᠷᠢ ᠭᠡᠮ ᠲᠠᠢ ᠠᠵᠢᠯ ᠮᠡᠷᠭᠡᠵᠢᠯ ᠤᠨ | ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠳᠤ ᠴᠢᠯᠦᠭᠡᠲᠡᠢ ᠨᠡᠭᠡᠭᠡᠬᠦ ᠶᠢ ᠲᠣᠳᠣᠷᠬᠠᠶᠢᠯᠠᠪᠠ; | | ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠠᠮᠢᠳᠤᠯᠢᠭ ᠢᠶᠠᠷ ᠠᠵᠢᠯ ᠣᠯᠣᠭᠰᠠᠳ ᠬᠤᠪᠢ | ᠬᠥᠮᠥᠨ ᠤ ᠬᠢᠷᠢ ᠭᠡᠮ ᠢᠶᠠᠷ ᠢᠶᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ᠂ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠪᠠᠷ ᠭᠤᠶᠤᠴᠢᠯᠠᠵᠤ | ᠪᠤᠯᠤᠨ᠎ᠠ; ᠲᠠᠪᠴᠠᠩ ᠤᠨ ᠠᠵᠤ ᠠᠬᠤᠶᠢᠯᠠᠯ ᠨᠢ ᠰᠢᠨ᠎ᠡ ᠠᠵᠢᠯ ᠣᠯᠭᠤᠯᠲᠠ ᠶᠢᠨ ᠭᠡᠯᠪᠡᠷᠢ ᠪᠠᠷ ᠠᠵᠢᠯ | ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠳᠤ ᠣᠷᠣᠯᠴᠠᠵᠤ᠂ ᠲᠠᠪᠴᠠᠩ ᠤᠨ ᠠᠵᠤ | ᠠᠬᠤᠶᠢᠯᠠᠯ ᠤᠨ ᠰᠢᠨ᠎ᠡ ᠠᠵᠢᠯ ᠣᠯᠭᠤᠯᠲᠠ ᠶᠢᠨ ᠭᠡᠯᠪᠡᠷᠢ ᠪᠠᠷ ᠠᠵᠢᠯ ᠣᠯᠣᠭᠰᠠᠳ ᠲᠤ ᠬᠥᠮᠥᠨ ᠤ ᠪᠡᠶ᠎ᠡ ᠶᠢᠨ | ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ᠂ ᠬᠥᠯᠥᠰᠦᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠵᠡᠷᠭᠡ | ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠬᠦ ᠶᠢ ᠵᠣᠷᠢᠭᠵᠢᠭᠤᠯᠬᠤ ᠬᠡᠷᠡᠭᠲᠡᠢ᠃ | | |