ᠶᠡᠭᠡ ᠪᠠᠷ ᠬᠦᠢᠲᠡᠷᠡᠨ᠎ᠡ
ᠨᠡᠶᠢᠲᠡᠯᠡᠭᠰᠡᠨ ᠴᠠᠭ᠄
2023/11/20
     ᠲᠥᠪ ᠤᠨ ᠴᠠᠭ ᠠᠭᠤᠷ ᠤᠨ ᠰᠢᠨᠵᠢᠯᠡᠭᠡᠨ ᠤ ᠰᠲ᠋ᠠᠨᠼ ᠤᠨ ᠵᠢᠱᠢᠵᠦ ᠪᠠᠶᠢᠬᠤ ᠪᠠᠷ᠂ 11 ᠳ᠋ᠤᠭᠡᠷ ᠰᠠᠷ᠎ᠠ ᠶᠢᠨ 21 ᠠᠴᠠ 24 ᠤ ᠡᠳᠦᠷ ᠪᠣᠯᠲᠠᠯ᠎ᠠ ᠬᠦᠢᠲᠡᠨ ᠤᠷᠤᠰᠬᠠᠯ ᠮᠠᠨ ᠤ ᠤᠯᠤᠰ ᠤᠨ ᠪᠠᠷᠠᠭᠤᠨ ᠠᠴᠠ ᠵᠡᠬᠦᠨᠰᠢᠬᠢ ᠶᠡᠬᠡᠩᠬᠢ ᠭᠠᠵᠠᠷ ᠣᠷᠣᠨ ᠢ ᠨᠥᠯᠥᠭᠡᠯᠡᠵᠦ᠂ ᠬᠥᠬᠡᠮᠥ᠋ᠷᠡᠨ ᠤ ᠳᠤᠮᠳᠠ ᠳᠣᠣᠷᠠᠳᠤ ᠤᠷᠤᠰᠬᠠᠯ ᠪᠤᠯᠤᠨ ᠲᠡᠭᠦᠨ ᠠᠴᠠ ᠤᠮᠠᠷᠠᠰᠢᠬᠢ ᠭᠠᠵᠠᠷ ᠣᠷᠣᠨ ᠳᠤ 4 ᠠᠴᠠ 6 ᠲᠠᠰ ᠤᠨ ᠬᠦᠴᠦᠲᠡᠢ ᠰᠠᠯᠬᠢ ᠰᠠᠯᠬᠢᠯᠠᠵᠤ᠂ ᠮᠡᠳᠡᠭᠳᠡᠮ᠎ᠡ ᠬᠦᠢᠳᠡᠷᠡᠬᠦ ᠶᠤᠮ ᠪᠠᠶᠢᠨ᠎ᠠ᠂ ᠥᠪᠥᠷ ᠮᠣᠩᠭᠤᠯ᠂ ᠬᠠᠷᠠᠮᠥ᠋ᠷᠡᠨ᠂ ᠭᠢᠷᠢᠨ ᠤ ᠵᠡᠭᠦᠨ ᠪᠡᠶ᠎ᠡ ᠪᠠᠷ ᠶᠡᠭᠡ ᠴᠠᠰᠤ ᠣᠷᠣᠵᠤ᠂ ᠬᠡᠰᠡᠭ ᠭᠠᠵᠠᠷ ᠲᠤ ᠬᠦᠢᠳᠡᠨ ᠪᠣᠷᠣᠭᠠᠨ ᠣᠷᠣᠨ᠎ᠠ᠃      ᠴᠠᠭ ᠠᠭᠤᠷ ᠤᠨ ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠥᠪᠥᠷ ᠮᠣᠩᠭᠤᠯ᠂ ᠬᠠᠷᠠᠮᠥ᠋ᠷᠡᠨ᠂ ᠭᠢᠷᠢᠨ ᠵᠡᠷᠭᠡ ᠭᠠᠵᠠᠷ ᠴᠠᠰᠦ ᠨᠡᠮᠡᠵᠦ ᠣᠷᠣᠬᠤ ᠮᠦᠷᠳᠡᠬᠡᠨ ᠬᠡᠰᠡᠭ ᠭᠠᠵᠠᠷ ᠲᠤ ᠬᠦᠢᠳᠡᠨ ᠪᠣᠷᠣᠭᠠᠨ ᠣᠷᠣᠬᠤ ᠪᠣᠯᠬᠤᠷ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠬᠤᠲᠠ ᠶᠢᠨ ᠬᠠᠮᠢᠶᠠᠲᠠᠢ ᠠᠵᠢᠯ ᠤᠨ ᠠᠶᠦᠯᠬᠦᠢ ᠪᠠᠶᠢᠳᠠᠯ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠂ ᠵᠡᠭᠦᠨ ᠪᠠ ᠡᠮᠦᠨᠡᠲᠦ ᠪᠡᠶ᠎ᠡ ᠶᠢᠨ ᠲᠠᠯᠠᠢ ᠳᠠᠭᠠᠤ ᠣᠷᠣᠨ ᠪᠤᠯᠤᠨ ᠭᠤᠣᠯ ᠮᠥᠷᠡᠨ ᠨᠠᠭᠤᠷ ᠴᠥᠭᠦᠷᠥᠮ ᠳᠠᠭᠠᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠦ ᠴᠢᠩᠭᠠᠳᠬᠠᠪᠠᠯ ᠲᠠᠭᠠᠷᠠᠨ᠎ᠠ᠃ ᠡᠬᠦᠨ ᠠᠴᠠ ᠭᠠᠳᠠᠨ᠎ᠠ ᠣᠯᠠᠨ ᠢᠶᠠᠷ ᠢᠶᠠᠨ ᠬᠤᠪᠴᠠᠰᠦ ᠬᠤᠨᠠᠷ ᠢᠶᠠᠨ ᠵᠤᠵᠠᠭᠠᠯᠠᠵᠦ ᠳᠠᠭᠠᠷᠠᠵᠦ ᠵᠢᠩᠬᠢᠨᠡᠬᠦ ᠶᠤᠮ ᠤᠤ ᠬᠠᠨᠢᠶᠠᠳᠦ ᠬᠢᠮᠤᠷᠠᠭ᠎ᠠ  ᠠᠴᠠ ᠰᠡᠷᠭᠡᠶᠢᠯᠡᠬᠦ ᠶᠢ ᠰᠠᠨᠠᠭᠤᠯᠵᠤ ᠪᠠᠶᠢᠨ᠎ᠠ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号