ᠨᠡᠶᠢᠭᠡᠮ ᠤᠨ ᠦᠢᠯᠡᠰ ᠤᠨ ᠥᠭᠡᠷᠡᠴᠢᠯᠡᠯᠲᠡ ᠰᠢᠨᠡᠴᠢᠯᠡᠯᠲᠡ ᠶᠢᠨ ᠦᠷ᠎ᠡ ᠪᠦᠲᠦᠭᠡᠯ ᠨᠢ ᠪᠦᠬᠦ ᠠᠷᠠᠤᠨ ᠲᠤ ᠠᠰᠢᠭ ᠬᠦᠷᠲᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2023/11/20
     ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠪᠣᠯ ᠠᠷᠠᠤᠨ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠰᠠᠭᠤᠷᠢ᠂ ᠨᠡᠶᠢᠭᠡᠮ ᠤᠨ ᠡᠶ᠎ᠡ ᠵᠣᠬᠢᠴᠠᠯ ᠤᠨ ᠰᠠᠭᠤᠷᠢ ᠮᠥᠨ᠂ ᠠᠷᠠᠤᠨ ᠤᠨ ᠠᠮᠢᠳᠤᠷᠠᠯ ᠢ ᠰᠠᠶᠢᠵᠢᠷᠠᠭᠤᠯᠵᠤ᠂ ᠲᠡᠳᠡᠨ ᠳᠤ ᠪᠣᠶᠠᠨ ᠵᠢᠷᠭᠠᠯ ᠡᠳ᠋ᠯᠡᠭᠦᠯᠬᠦ ᠨᠢ ᠬᠥᠭᠵᠢᠯᠲᠡ ᠶᠢᠨ ᠦᠨᠳᠦᠰᠦᠨ ᠬᠠᠷᠠᠯᠲᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠠᠷᠠᠤᠨ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠶᠠᠪᠤᠴᠠ ᠳᠤ ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠶᠢ ᠨᠡᠩ ᠴᠢᠬᠤᠯᠠᠴᠢᠯᠠᠵᠤ᠂ ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠳᠤ ᠣᠷᠤᠰᠢᠵᠤ ᠪᠠᠶᠢᠭ᠎ᠠ ᠲᠤᠳᠠᠭᠳᠠᠯ ᠲᠠᠢ ᠲᠠᠯ᠎ᠠ ᠪᠠᠨ ᠨᠥᠬᠦᠪᠦᠷᠢᠯᠡᠵᠦ᠂ ᠠᠷᠠᠤᠨ ᠤᠨ ᠠᠮᠢᠳᠤᠷᠠᠯ ᠢ ᠰᠠᠶᠢᠵᠢᠷᠠᠭᠤᠯᠵᠤ ᠲᠡᠳᠡᠨ ᠳᠤ ᠪᠤᠶᠠᠨ ᠵᠢᠷᠭᠠᠯ ᠡᠳ᠋ᠯᠡᠭᠦᠯᠦᠨ ᠂ ᠦᠨᠳᠦᠰᠦᠲᠡᠨ ᠨᠦᠭᠦᠳ ᠤᠨ ᠠᠷᠠᠤᠨ ᠲᠦᠮᠡᠨ ᠳᠤ ᠦᠨᠡᠨ ᠪᠤᠳᠠᠲᠠᠢ ᠪᠠᠷ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠠᠵᠢᠯᠯᠠᠭ᠎ᠠ ᠶᠢ ᠲᠡᠳᠡᠨ ᠤ ᠲᠡᠷᠭᠡᠳᠡ ᠥᠷᠨᠢᠭᠦᠯᠵᠦ ᠪᠠᠶᠢᠬᠤ ᠶᠢ ᠤᠶᠢᠯᠠᠭᠠᠭᠤᠯᠬᠤ ᠬᠡᠷᠡᠭᠲᠡᠢ ᠭᠡᠵᠡᠢ᠃      ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠷᠪᠠᠨ ᠵᠢᠯ ᠤᠨ ᠲᠤᠷᠰᠢ᠂ ᠮᠠᠨ ᠤ ᠤᠯᠤᠰ ᠨᠡᠶᠢᠭᠡᠮ ᠤᠨ ᠦᠢᠯᠡᠰ ᠤᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠰᠢᠨ᠎ᠡ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠵᠤ᠂ ᠠᠷᠠᠤᠨ ᠲᠦᠮᠡᠨ ᠤ ᠬᠠᠮᠤᠭ ᠤᠨ ᠠᠩᠬᠠᠷᠴᠦ ᠪᠠᠶᠢᠭ᠎ᠠ ᠬᠠᠮᠤᠭ ᠤᠨ ᠰᠢᠭᠤᠤᠨ ᠪᠥᠭᠡᠦᠨ ᠬᠠᠮᠤᠭ ᠤᠨ ᠪᠤᠳᠠᠲᠤ ᠠᠰᠢᠭ ᠲᠤᠰᠠ ᠶᠢᠨ ᠠᠰᠠᠭᠤᠳᠠᠯ ᠢ ᠰᠢᠢᠦᠨᠪᠦᠷᠢᠯᠡᠵᠦ᠂ ᠠᠷᠠᠤᠨ ᠲᠦᠮᠡᠨ ᠤ ᠣᠯᠣᠯᠲᠠ ᠬᠦᠷᠲᠡᠭᠡᠮᠵᠢ ᠲᠠᠢ ᠪᠠᠶᠢᠬᠤ ᠰᠡᠦᠨᠬᠢᠯᠭᠡ᠂ ᠵᠣᠯ ᠵᠢᠷᠭᠠᠯᠲᠠᠢ ᠪᠠᠶᠢᠬᠤ ᠰᠡᠦᠨᠬᠢᠯᠭᠡ᠂ ᠠᠮᠤᠷ ᠲᠥᠪᠰᠢᠨ ᠪᠠᠶᠢᠬᠤ ᠰᠡᠦᠨᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠭᠰᠡᠨ ᠪᠠᠶᠢᠨ᠎ᠠ᠃      ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠷᠪᠠᠨ ᠵᠢᠯ ᠤᠨ ᠲᠤᠷᠰᠢ᠂ ᠮᠠᠨ ᠤ ᠤᠯᠤᠰ ᠠᠵᠢᠯ ᠤᠨ ᠪᠠᠶᠢᠷᠢ ᠶᠢᠨ ᠳᠠᠯᠳᠠ ᠬᠦᠴᠦᠨ ᠢ ᠠᠭᠤᠳᠠᠯᠠᠬᠤ ᠶᠢ ᠴᠢᠩᠳᠠᠯᠠᠵᠤ᠂ ᠴᠢᠨᠠᠷᠯᠢᠭ ᠢᠶᠠᠷ ᠭᠦᠢᠴᠡᠦᠨ ᠠᠵᠢᠯ ᠣᠯᠭᠤᠬᠤ ᠰᠠᠨᠠᠯ ᠢ ᠲᠦᠷᠭᠡᠨ ᠲᠣᠭᠲᠠᠭᠠᠵᠤ᠂ ᠠᠵᠢᠯ ᠣᠯᠭᠤᠯᠲᠠ ᠶᠢᠨ ᠴᠢᠳᠠᠪᠬᠢ ᠪᠠᠷ ᠴᠢᠩᠭ᠎ᠠ ᠠᠵᠢᠯ ᠲᠥᠷᠦᠯ ᠤᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠭᠰᠠᠨ ᠪᠠᠶᠢᠨ᠎ᠠ᠃      ᠠᠷᠪᠠᠨ ᠵᠢᠯ ᠤᠨ ᠲᠤᠷᠰᠢ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭᠠᠨ ᠤ ᠰᠢᠰᠲ᠋ᠧᠮ ᠤᠨ ᠪᠠᠶᠢᠭᠤᠯᠤᠯᠲᠠ ᠲᠦᠷᠭᠡᠨ ᠬᠥᠭᠵᠢᠵᠦ᠂ ᠳᠡᠯᠡᠬᠡᠢ ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ᠂ ᠴᠢᠳᠠᠪᠬᠢ ᠪᠠᠷ ᠪᠦᠷᠢᠨ ᠳᠦᠬᠦᠷ ᠨᠡᠶᠢᠭᠡᠮ ᠤᠨ ᠪᠠᠲᠤᠯᠠᠭᠠᠨ ᠤ ᠰᠢᠰᠲ᠋ᠧᠮ ᠢ ᠨᠢᠭᠡᠨᠲᠡ ᠪᠤᠢ ᠪᠣᠯᠭᠠᠭᠰᠠᠨ ᠪᠠᠶᠢᠨ᠎ᠠ᠃ ᠪᠦᠬᠦ ᠤᠯᠤᠰ ᠤᠨ ᠨᠡᠶᠢᠭᠡᠮ ᠤᠨ ᠪᠠᠲᠤᠯᠠᠭᠠᠨ ᠤ ᠺᠠᠷᠲ ᠪᠦᠷᠢᠦᠨᠬᠡᠭᠦᠯᠦᠭᠰᠡᠨ ᠬᠦᠮᠦᠨ ᠤ ᠲᠤᠭ᠎ᠠ 13 ᠳ᠋ᠦᠩᠰᠢᠭᠤᠷ 7 ᠮᠢᠩᠭᠠᠨ ᠲᠦᠮᠡ ᠳᠤ ᠬᠦᠷᠴᠦ ᠂ 97.3% ᠤᠨ ᠬᠦᠮᠦᠨ ᠠᠮᠠ ᠶᠢ ᠬᠠᠮᠤᠷᠴᠦ᠂ ᠡᠭᠦᠨ ᠳᠤ 8 ᠳ᠋ᠦᠩᠰᠢᠭᠤᠷ ᠬᠦᠮᠦᠨ ᠭᠠᠷ ᠤᠲᠠᠰᠤ ᠪᠠᠷ ᠨᠡᠶᠢᠭᠡᠮ ᠤᠨ ᠪᠠᠲᠤᠯᠠᠭᠠᠨ ᠤ ᠺᠠᠷᠲ ᠢ ᠬᠡᠷᠡᠭᠯᠡᠵᠦ ᠪᠣᠯᠬᠤ ᠪᠣᠯᠣᠭᠰᠠᠨ ᠪᠠᠶᠢᠨ᠎ᠠ᠃      ᠮᠠᠨ ᠤ ᠤᠯᠤᠰ ᠤᠨ ᠨᠠᠰᠤᠵᠢᠯ ᠤᠨ ᠪᠠᠲᠤᠯᠠᠭᠠᠨ ᠤ ᠲᠥᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠠᠷᠪᠠᠨ ᠵᠢᠯ ᠤᠨ ᠬᠤᠭᠤᠷᠤᠨᠳᠤ ᠨᠠᠰᠤᠵᠢᠯ ᠤᠨ ᠦᠨᠳᠦᠰᠦᠨ ᠪᠠᠲᠤᠯᠠᠭ᠎ᠠ ᠳᠤ ᠣᠷᠤᠭᠰᠠᠨ ᠬᠦᠮᠦᠨ ᠨᠡᠮᠡᠭᠳᠡᠭᠡᠦᠨ 2 ᠳ᠋ᠦᠩᠰᠢᠭᠤᠷ 5 ᠮᠢᠩᠭᠠᠨ ᠲᠦᠮᠡ ᠳᠤ ᠬᠦᠷᠴᠡᠢ᠃      ᠤᠶᠢᠷ᠎ᠠ ᠶᠢᠨ ᠵᠢᠯ ᠳᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ ᠦᠢᠯᠡᠰ ᠤᠨ ᠴᠡᠷ ᠬᠦᠷᠢᠶᠡᠨ ᠤ ᠥᠭᠡᠷᠡᠴᠢᠯᠡᠯᠲᠡ ᠨᠢ ᠠᠷᠠᠤᠨ ᠲᠦᠮᠡᠨ ᠤ ᠬᠠᠮᠤᠭ ᠤᠨ ᠠᠩᠬᠠᠷᠴᠦ ᠪᠠᠶᠢᠭ᠎ᠠ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠠᠴᠠ ᠡᠬᠢᠯᠡᠵᠦ᠂ ᠲᠠᠰᠤᠷᠠᠯᠲᠠ ᠦᠭᠡᠢ ᠰᠢᠨ᠎ᠡ ᠲᠥᠷᠦ ᠶᠢᠨ ᠪᠣᠳᠤᠯᠭ᠎ᠠ᠂ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠠᠷᠠᠤᠨ ᠢᠷᠭᠡᠦᠨ ᠲᠤ ᠠᠷᠠᠤᠨ ᠤᠨ ᠠᠮᠢᠳᠤᠷᠠᠯ ᠢ ᠰᠠᠶᠢᠵᠢᠷᠠᠭᠤᠯᠵᠤ᠂ ᠲᠡᠳᠡᠨ ᠳᠤ ᠠᠵᠠ ᠵᠢᠷᠭᠠᠯ ᠡᠳ᠋ᠯᠡᠭᠦᠯᠵᠦ ᠪᠠᠶᠢᠭ᠎ᠠ ᠬᠠᠯᠠᠭᠤᠨ ᠴᠢᠮᠡᠭᠡ ᠶᠢ ᠬᠦᠷᠭᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号