ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠤᠨ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠦᠵᠡᠭᠦᠯᠭᠦ ᠬᠥᠲᠥᠯᠥᠨ ᠳᠠᠭᠠᠭᠤᠯᠬᠤ ᠦᠢᠯᠡᠳᠦᠯ ᠪᠠ ᠱᠠᠯᠠᠪᠳᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠣᠶᠢᠷ᠎ᠠ ᠳᠤ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ | ᠳᠠᠷᠤᠮᠠᠯᠯᠠᠨ ᠲᠠᠷᠬᠠᠭᠠᠪᠠ᠃ | ᠲᠣᠰ ︽ᠠᠷᠭ᠎ᠠ︾ ᠪᠣᠯ 2021 ᠣᠨ ᠤ 7 ᠰᠠᠷ᠎ᠠ ᠳᠤ ᠳᠠᠷᠤᠮᠠᠯᠯᠠᠨ ᠲᠠᠷᠬᠠᠭᠠᠭᠰᠠᠨ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠬᠡᠷᠡᠭᠵᠢᠭᠦᠯᠬᠦ | ᠠᠷᠭ᠎ᠠ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠤᠭᠰᠠᠨ ᠬᠡᠷᠡᠭᠵᠢᠭᠦᠯᠬᠦ ᠠᠷᠭ᠎ᠠ ᠪᠠᠶᠢᠵᠤ᠂ ᠶᠡᠷᠦᠩᠬᠡᠢ | ᠳᠦᠷᠢᠮ᠂ ᠦᠨᠡᠯᠡᠨ ᠵᠢᠱᠢᠬᠦ ᠡᠲᠡᠭᠡᠳ ᠪᠠ ᠠᠭᠤᠯᠭ᠎ᠠ᠂ ᠦᠨᠡᠯᠡᠨ ᠵᠢᠱᠢᠬᠦ ᠠᠷᠭ᠎ᠠ᠂ ᠦᠷ᠎ᠡ ᠳ᠋ᠦᠩ ᠢ ᠠᠰᠢᠭᠯᠠᠨ | ᠬᠡᠷᠡᠭᠯᠡᠬᠦ᠂ ᠬᠡᠷᠡᠭᠵᠢᠭᠦᠯᠬᠦ ᠪᠠᠲᠤᠯᠠᠭ᠎ᠠ ᠬᠢᠭᠡᠳ ᠳᠠᠭᠠᠯᠳᠤᠭᠤᠯᠤᠭᠰᠠᠨ ᠳᠦᠷᠢᠮ ᠵᠡᠷᠭᠡ 6 ᠪᠦᠯᠦᠭ 25 ᠵᠦᠢᠯ ᠤᠨ | ᠠᠭᠤᠯᠭ᠎ᠠ ᠲᠠᠢ᠃ ᠵᠠᠰᠠᠪᠤᠷᠢ ᠣᠷᠣᠭᠤᠯᠤᠭᠰᠠᠨ ᠠᠭᠤᠯᠭ᠎ᠠ ᠳᠤ ᠭᠤᠣᠯᠳᠠᠭᠤ ᠳᠣᠣᠷᠠᠬᠢ ᠳᠦᠷᠪᠡᠨ ᠲᠠᠯ᠎ᠠ ᠪᠠᠭᠲᠠᠨ᠎ᠠ᠄ | ᠦᠨᠡᠯᠡᠬᠦ ᠵᠢᠱᠢᠬᠦ ᠬᠡᠪᠴᠢᠶ᠎ᠡ ᠶᠢᠨ ᠬᠤᠪᠢ ᠳᠤ᠂ ᠤᠤᠯ ᠨᠢ ᠡᠯ᠎ᠡ ᠠᠶᠢᠮᠠᠭ ᠬᠤᠳᠠ ᠠᠴᠠ ᠬᠡᠰᠡᠭ ᠬᠤᠰᠢᠭᠤ ᠰᠢᠶᠠᠨ | ︵ᠬᠤᠳᠠ᠂ ᠲᠣᠭᠤᠷᠢᠭ︶ ᠢ ᠰᠣᠩᠭᠤᠨ ᠦᠨᠡᠯᠡᠨ ᠵᠢᠱᠢᠵᠦ ᠪᠠᠶᠢᠭᠰᠠᠨ ᠢ ᠪᠦᠭᠦ ᠠᠶᠢᠮᠠᠭ ᠬᠤᠳᠠ᠂ ᠬᠤᠰᠢᠭᠤ ᠰᠢᠶᠠᠨ | ︵ᠬᠤᠳᠠ᠂ ᠲᠣᠭᠤᠷᠢᠭ︶ ᠢ ᠴᠥᠮ ᠦᠨᠡᠯᠡᠨ ᠵᠢᠱᠢᠬᠦ ᠪᠤᠯᠭᠠᠪᠠ᠃ ᠬᠠᠨᠤᠮᠵᠢ ᠶᠢᠨ ᠬᠡᠮᠵᠢᠶ᠎ᠡ ᠶᠢᠨ ᠡᠵᠡᠯᠡᠬᠦᠨ ᠤ ᠬᠤᠪᠢ | ᠳᠤ᠂ ᠤᠤᠯ ᠨᠢ 20% ᠭᠡᠵᠦ ᠪᠠᠶᠢᠭᠰᠠᠨ ᠢ 30% ᠭᠡᠵᠦ ᠬᠤᠪᠢᠷᠠᠭᠤᠯᠤᠨ᠂ ᠬᠠᠨᠤᠮᠵᠢ ᠶᠢᠨ ᠬᠡᠮᠵᠢᠶ᠎ᠡ ᠶᠢᠨ | ᠡᠵᠡᠯᠡᠬᠦᠨ ᠢ ᠡᠴᠦᠰ ᠤᠨ ᠬᠤᠪᠢ ᠣᠯᠭᠤᠯᠲᠠ ᠳᠤ ᠤᠷᠤᠭᠤᠯᠬᠤ ᠶᠢ ᠳᠤᠳᠤᠷᠬᠠᠶᠢᠯᠠᠪᠠ᠃ ᠲᠤᠭ᠎ᠠ ᠪᠠᠷᠢᠮᠲᠠ ᠶᠢᠨ | ᠬᠤᠪᠢ ᠳᠤ᠂ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ | ᠬᠤᠯᠪᠣᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠠᠯᠢ ᠴᠢᠳᠠᠬᠤ ᠪᠠᠷ ᠲᠣᠭᠠᠴᠢᠯᠠᠭᠰᠠᠨ ᠠᠷᠭ᠎ᠠ ᠪᠠᠷᠢᠯ ᠢᠶᠠᠷ | ᠬᠠᠮᠲᠤ ᠪᠠᠷ ᠡᠳ᠋ᠯᠡᠬᠦ ᠶᠢ ᠠᠬᠢᠭᠤᠯᠤᠨ᠂ ᠣᠷᠣᠨ ᠨᠤᠲᠤᠭ ᠤᠨ ᠲᠤᠭ᠎ᠠ ᠪᠠᠷᠢᠮᠲᠠ ᠲᠠᠭᠯᠠᠨ ᠮᠡᠳᠡᠭᠦᠯᠬᠦ ᠳᠠᠷᠤᠭᠠᠰᠤ ᠶᠢ | ᠪᠦᠲᠦᠮᠵᠢᠲᠡᠶ ᠬᠥᠩᠭᠡᠷᠡᠭᠦᠯᠦᠨ᠎ᠡ ᠭᠡᠵᠦ ᠳᠤᠳᠤᠷᠬᠠᠶᠢᠯᠠᠪᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠷᠭ᠎ᠠ︾ | ᠳᠤ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮ︾ | ᠪᠣᠯᠣᠨ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠵᠦ ᠬᠤᠪᠢ ᠣᠯᠭᠤᠬᠤ ᠪᠤᠳᠤᠬᠤ ᠲᠣᠮᠢᠶ᠎ᠠ︾ | ᠳᠠᠭᠠᠯᠳᠤᠭᠤᠯᠬᠤ ᠪᠠᠨ ᠪᠣᠯᠢᠪᠠ᠃ ᠡᠨᠡ ᠨᠢ ᠨᠢᠭᠡ ᠲᠠᠯ᠎ᠠ ᠪᠠᠷ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮ︾ ᠨᠢ ᠤᠯᠤᠰ ᠤᠨ ᠭᠦᠢᠴᠡᠳᠬᠡᠯ ᠲᠣᠭᠠᠨ ᠤ ᠰᠢᠰᠲ᠋ᠧᠮ ᠢ | ᠵᠢᠷᠤᠮᠯᠠᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠬᠡᠷᠡᠭᠴᠡᠭᠡ ᠠᠴᠠ ᠪᠣᠯᠵᠤ᠂ ᠨᠦᠭᠦᠭᠡ ᠲᠠᠯ᠎ᠠ ᠪᠠᠷ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠬᠤᠰᠢᠭᠤᠴᠢ ᠯᠤᠭ᠎ᠠ ᠶᠢᠨ ᠵᠥᠷᠢᠶ᠎ᠡ ᠶᠢᠨ | ᠠᠷᠭ᠎ᠠ ᠶᠢ ᠬᠡᠷᠡᠭᠯᠡᠬᠦ ᠶᠢ ︽ᠠᠷᠭ᠎ᠠ︾ ᠶᠢᠨ ᠠᠷᠪᠠᠨ ᠭᠤᠷᠪᠠᠳᠤᠭᠠᠷ ᠵᠦᠢᠯ ᠳᠤ ᠲᠣᠳᠣᠷᠬᠠᠢ ᠲᠣᠭᠲᠠᠭᠠᠭᠰᠠᠨ ᠳᠤ ᠪᠤᠢ᠃ | | | | |